ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠰᠤᠳᠤᠯᠵᠤ ᠵᠢᠯᠤᠭᠤᠳᠤᠭᠰᠨᠨ ᠨᠢ
5 ᠰᠠᠷ᠎ᠠ ᠶᠢᠨ 23-24᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠼᠦᠢ ᠶᠢᠩ ᠶᠦᠸᠸ ᠪᠡᠷ ᠲᠤᠭᠤᠢᠯᠠᠩ ᠤᠨ ᠲᠠᠷᠤᠭ᠎ᠠ ᠪᠤᠯᠭᠠᠭᠰᠨᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠪᠠᠢᠴᠠᠭᠠᠨ ᠰᠤᠳᠤᠯᠵᠤ ᠵᠢᠯᠤᠭᠤᠳᠤᠯᠭ᠎ᠠ ᠬᠢᠭᠰᠡᠡ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ᠂ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ ᠪᠠᠢᠴᠠᠭᠠᠨ ᠰᠤᠳᠤᠯᠤᠯᠳᠠ ᠪᠤᠶᠤ ᠰᠠᠭᠤᠳᠠᠯ ᠤᠨ ᠬᠤᠷᠠᠯ ᠳᠤ ᠤᠷᠤᠯᠴᠠᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠯ᠎ᠠ ᠠᠵᠢᠯ ᠤᠨ ᠵᠦᠪᠯᠡᠯ ᠤᠨ ᠡᠷᠬᠢᠯᠡᠭᠴᠢ᠂ ᠡᠯ᠎ᠠ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ᠂ ᠯᠦᠪᠸᠢ ᠵᠡᠭᠡᠯᠢ(ᠭᠤᠳᠤᠮᠵᠢ)᠋ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠲᠠᠷᠢᠬᠦᠯᠡᠭᠴᠢ ᠰᠠᠭᠤᠳᠠᠯ ᠤᠨ ᠬᠤᠷᠠᠯ ᠳᠤ ᠤᠷᠤᠯᠴᠠᠭᠰᠨᠨ ᠪᠠᠢᠨ᠎ᠡ᠃


ᠪᠠᠢᠴᠠᠭᠠᠨ ᠰᠤᠳᠤᠯᠬᠤ ᠲᠤᠭᠤᠢᠯᠠᠩ ᠤᠷᠢᠳ ᠬᠤᠵᠢᠳ ᠪᠠᠶᠠᠷᠳᠤᠬᠤᠰᠢᠭᠤ ᠪᠠᠯᠭᠠᠰᠤ ᠶᠢᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠤᠢᠯ ᠪᠤᠯᠬᠤ ᠲᠦᠪᠰᠢᠨ ᠭᠠᠴᠠᠭ᠎ᠠ ᠶᠢᠨ ᠬᠠᠮᠳᠤ ᠶᠢᠨ ᠠᠵᠤ ᠠᠬᠤᠢ ᠶᠢᠨ ᠬᠦᠭᠵᠢᠯᠳᠠ ᠶᠢᠨ ᠵᠢᠭᠤᠯᠴᠢᠯᠠᠯ ᠤᠨ ᠤᠢᠯᠡᠰ ᠤᠨ ᠲᠦᠷᠤᠯ ᠵᠤᠢᠯ ᠤᠨ ᠲᠤᠭᠤᠷᠢᠭ᠂ ᠯᠦᠪᠸᠢ ᠪᠠᠯᠭᠠᠰᠤ ᠶᠢᠨ ᠮᠤᠳᠤ ᠭᠠᠴᠠᠭ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ《 ᠲᠦᠯᠤᠭᠡᠯᠡᠭᠴᠢ ᠶᠢᠨ ᠭᠡᠷ ᠪᠦᠯᠢ》᠂ ᠪᠠᠶᠠᠨᠳᠠᠯ᠎ᠠ ᠰᠤᠮᠤ ᠶᠢᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠪᠤᠯᠬᠤ ᠳ᠋ᠸ ᠹᠦ᠋ ᠲᠦᠨ ᠲᠤᠰᠬᠤᠨ ᠤ ᠲᠤᠰᠬᠤᠨ ᠢ ᠬᠠᠮᠠᠭᠠᠯᠠᠬᠤ ᠬᠠᠰᠢᠯᠭ᠎ᠠ ᠵᠡᠷᠭᠡ ᠭᠠᠵᠠᠷ ᠲᠤ ᠬᠦᠷᠴᠤ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠤᠢᠯ ᠢ ᠪᠢᠯᠸᠲ ᠦᠭᠴᠤ ᠪᠠᠳᠤᠯᠠᠬᠤ ᠲᠦᠷᠢᠮ ᠤᠨ ᠠᠵᠢᠯ ᠦᠷᠨᠢᠬᠦᠯᠦᠭᠰᠨᠨ ᠶᠡᠷᠤᠩᠭᠡᠢ ᠪᠠᠢᠳᠠᠯ᠂ᠲᠦᠷᠢᠮ ᠤᠨ ᠪᠦᠳᠤᠭᠡᠨ ᠪᠠᠢᠭᠤᠯᠤᠯᠳᠠ᠂ ᠬᠤᠷᠠᠮᠳᠤᠭᠤᠯᠤᠭᠰᠨᠨ ᠠᠷᠭ᠎ᠠ᠂ ᠭᠡᠷᠡᠭᠵᠢᠬᠦᠯᠤᠯᠳᠠ ᠶᠢᠨ ᠲᠦᠰᠤᠯ᠂ᠪᠢᠯᠸᠲ ᠶᠢᠠᠷ ᠪᠠᠳᠤᠯᠠᠬᠤ ᠠᠷᠭ᠎ᠠ᠂ ᠲᠦᠷᠤᠯ ᠵᠤᠢᠯ ᠳᠤ ᠬᠢᠨᠠᠯᠳᠠ ᠲᠠᠯᠪᠢᠬᠤ ᠠᠷᠭ᠎ᠠ ᠵᠡᠷᠭᠡ ᠪᠠᠢᠳᠠᠯ ᠢ ᠨᠠᠷᠢᠨ ᠨᠢᠭᠳᠠ ᠤᠢᠯᠠᠭᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ《ᠲᠦᠯᠤᠭᠡᠯᠡᠭᠴᠢ ᠶᠢᠨ ᠭᠡᠷ ᠪᠦᠯᠢ》᠋ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ᠂ᠬᠦᠳᠡᠯᠭᠡᠭᠡᠨ ᠦᠷᠨᠢᠬᠦᠯᠦᠭᠰᠨᠨ ᠪᠠᠢᠳᠠᠯ ᠪᠤᠯᠤᠨ ᠤᠢᠯᠡᠳᠤᠯ ᠪᠠᠳᠠᠷᠠᠭᠤᠯᠤᠭᠰᠨᠨ ᠪᠠᠢᠳᠠᠯ ᠢ ᠨᠠᠷᠢᠨ ᠯᠠᠪᠯᠠᠨ ᠠᠰᠠᠭᠤᠭᠰᠨᠨ ᠪᠠᠢᠨ᠎ᠡ᠃
ᠪᠤᠳᠠᠳᠠᠢ ᠭᠠᠵᠠᠷ ᠤᠨ ᠪᠠᠢᠴᠠᠭᠠᠨ ᠰᠤᠳᠤᠯᠤᠯᠳᠠ ᠲᠠᠭᠤᠰᠤᠭᠰᠨᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃




ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ ᠬᠤᠷᠠᠯ ᠲᠠᠭᠡᠷ᠎ᠠ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠬᠠᠷᠢᠯᠴᠠᠬᠤ ᠶᠠᠪᠤᠳᠠᠯ ᠤᠨ ᠠᠵᠢᠯ ᠤᠨ ᠵᠦᠪᠯᠡᠯ ᠤᠨ ᠠᠵᠢᠯ ᠤᠨ ᠠᠬᠢᠴᠨ ᠶᠢᠨ ᠪᠠᠢᠳᠠᠯ ᠢ ᠬᠠᠷᠢᠭᠤ ᠮᠡᠳᠡᠬᠦᠯᠪᠡ᠃

ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠼᠦᠢ ᠶᠢᠩ ᠶᠦᠸᠸ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠵᠢᠯ ᠢ ᠬᠦᠢᠴᠡᠳ ᠨᠤᠳᠠᠯᠠᠵᠤ᠂ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠯ᠎ᠠ ᠲᠦᠷᠤᠯ ᠤᠨ ᠠᠵᠢᠯ ᠢ ᠯᠠᠪᠳᠠᠭᠤᠨ ᠪᠠᠳᠤᠳᠠᠢ ᠨᠠᠢᠳᠠᠪᠤᠷᠢᠵᠢᠭᠤᠯᠤᠨ᠂ ᠴᠢᠭᠯᠡᠯ ᠰᠡᠳᠬᠢᠴᠨ ᠲᠤᠳᠤᠷᠬᠠᠢ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠤᠰᠢᠶᠠᠯ ᠤᠨ ᠴᠢᠳᠠᠪᠤᠷᠢ ᠶᠢ ᠬᠦᠢᠴᠡᠳ ᠪᠠᠳᠠᠷᠠᠭᠤᠯᠬᠤ ᠶᠢᠨ ᠬᠠᠮᠳᠤ᠂ ᠤᠯᠨᠨ ᠲᠦᠮᠨᠨ ᠤ ᠠᠩᠬᠠᠷᠴᠤ ᠪᠠᠢᠭ᠎ᠠ ᠬᠠᠯᠠᠮᠰᠢᠯ ᠠᠰᠠᠭᠤᠳᠠᠯ ᠢ ᠬᠢᠨᠠᠯᠳᠠ ᠲᠠᠯᠪᠢᠬᠤ ᠠᠵᠢᠯ ᠤᠨ ᠭᠤᠤᠯᠳᠠᠯᠭ᠎ᠠ ᠪᠤᠯᠭᠠᠵᠤ᠂ ᠮᠠᠯᠴᠢᠨ ᠲᠠᠷᠢᠶᠠᠴᠢᠨ ᠤ ᠠᠮᠢᠳᠤᠷᠠᠯ ᠳᠤ ᠤᠢᠷᠠᠳᠤᠨ᠂ ᠢᠯᠨ ᠲᠤᠳᠤ ᠦᠨᠳᠤᠰᠤᠳᠠᠨ ᠤ ᠤᠨᠴᠠᠯᠢᠭ ᠰᠢᠨᠵᠢ ᠶᠢ ᠪᠦᠷᠢᠳᠤᠬᠦᠯᠦᠭᠰᠨᠨ ᠪᠠᠢᠨ᠎ᠡ ᠭᠡᠵᠡᠢ᠃

ᠼᠦᠢ ᠶᠢᠩ ᠶᠦᠸᠸ ᠵᠢᠭᠠᠵᠤ ᠭᠠᠷᠭᠠᠭᠰᠨᠨ ᠨᠢ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠤᠳᠤᠬᠢ ᠠᠵᠢᠯ ᠤᠨ ᠰᠠᠭᠤᠷᠢᠨ ᠲᠠᠭᠡᠷ᠎ᠠ ᠪᠠᠨ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠨᠡᠩ ᠦᠨᠳᠤᠷ ᠴᠢᠨᠠᠷ ᠴᠢᠨᠰᠠᠭ᠎ᠠ ᠲᠠᠢ᠂ ᠨᠡᠩ ᠦᠨᠳᠤᠷ ᠬᠢᠷᠢ ᠲᠦᠪᠰᠢᠨ ᠳᠤ ᠲᠦᠯᠬᠢᠨ ᠬᠦᠭᠵᠢᠬᠦᠯᠬᠦ ᠭᠡᠷᠡᠭᠳᠡᠢ᠃ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠵᠤ᠂ ᠰᠢ ᠵᠢᠨ ᠫᠢᠩ ᠶᠡᠷᠤᠩᠭᠡᠢ ᠱᠦᠵᠢ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠪᠠᠷᠢᠮᠳᠠᠯᠠᠬᠤ ᠪᠠ ᠲᠠᠬᠦᠯᠳᠡᠷᠵᠢᠬᠦᠯᠬᠦ ᠲᠤᠬᠠᠢ ᠴᠢᠬᠤᠯᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠨ᠂ ᠤᠬᠠᠮᠰᠠᠷ ᠡᠴᠨ ᠪᠠᠨ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂《ᠲᠦᠷᠪᠠᠨ ᠤᠬᠠᠮᠰᠠᠷ》᠋᠋ ᠢ ᠴᠢᠩᠭᠠᠷᠠᠭᠤᠯᠤᠨ᠂《ᠬᠤᠶᠠᠷ ᠢ ᠬᠠᠮᠠᠭᠠᠯᠠᠬᠤ》᠋ ᠶᠢ ᠪᠠᠶᠠᠯᠡᠬᠦᠯᠵᠤ᠂ ᠰᠢᠨᠵᠢᠯᠡᠬᠦ ᠤᠬᠠᠭᠠᠨᠴᠢ ᠤᠨᠤᠯ ᠶᠢᠠᠷ ᠵᠡᠪᠰᠡᠭᠯᠡᠬᠦ ᠶᠢ ᠴᠢᠩᠭᠠᠳᠬᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠯᠤᠰ ᠲᠦᠷᠤ ᠶᠢᠨ ᠴᠢᠭᠯᠡᠯ ᠢ ᠪᠠᠳᠤᠯᠠᠬᠤ ᠭᠡᠷᠡᠭᠳᠡᠢ ᠭᠡᠵᠡᠢ᠃ ᠼᠦᠢ ᠶᠦᠩ ᠶᠦᠸᠸ ᠱᠠᠭᠠᠷᠳᠠᠭᠰᠨᠨ ᠨᠢ᠂《ᠲᠦᠯᠤᠭᠡᠯᠡᠭᠴᠢ ᠶᠢᠨ ᠭᠡᠷ ᠪᠦᠯᠢ》᠋ ᠶᠢᠨ ᠲᠤᠰᠢᠶᠠᠯ ᠤᠨ ᠴᠢᠳᠠᠪᠤᠷᠢ ᠶᠢᠨ ᠤᠢᠯᠡᠳᠤᠯ ᠢ ᠬᠦᠢᠴᠡᠳ ᠪᠠᠳᠠᠷᠠᠭᠤᠯᠵᠤ᠂ ᠠᠷᠠᠳ ᠤᠨ ᠲᠦᠯᠤᠭᠡᠯᠡᠭᠴᠢᠳ ᠪᠤᠯᠤᠨ ᠠᠷᠠᠳ ᠤᠯᠠᠨ ᠤ ᠬᠠᠷᠢᠴᠠᠭ᠎ᠠ ᠶᠢ ᠲᠠᠬᠦᠯᠳᠡᠷᠵᠢᠬᠦᠯᠬᠦ ᠪᠠ ᠴᠢᠩᠭᠠᠳᠬᠠᠨ᠂ ᠲᠦᠯᠤᠭᠡᠯᠡᠭᠴᠢᠳ ᠤᠨ ᠡᠬᠦᠷᠭᠡ ᠲᠤᠰᠢᠶᠠᠯ ᠶᠢᠨ ᠬᠦᠢᠴᠡᠳᠭᠡᠬᠦ ᠬᠠᠯᠠᠭᠤᠨ ᠰᠡᠳᠬᠢᠯᠭᠡ ᠶᠢ ᠬᠦᠭᠵᠢᠭᠡᠵᠤ᠂ ᠲᠦᠯᠤᠭᠡᠯᠡᠭᠴᠢ ᠶᠢᠨ ᠭᠤᠤᠯ ᠴᠤᠭᠴᠨ ᠶᠢᠨ ᠤᠢᠯᠡᠳᠤᠯ ᠢ ᠪᠠᠳᠠᠷᠠᠭᠤᠯᠬᠤ ᠭᠡᠷᠡᠭᠳᠡᠢ᠃《 ᠲᠦᠯᠤᠭᠡᠯᠡᠭᠴᠢ ᠶᠢᠨ ᠭᠡᠷ ᠪᠦᠯᠢ》᠋ ᠶᠢᠨ ᠠᠰᠢᠭᠯᠠᠮᠵᠢ ᠶᠢᠨ ᠨᠤᠷᠮ᠎ᠠ ᠶᠢ ᠦᠨᠡᠨᠬᠦ ᠲᠠᠭᠡᠭᠰᠢᠯᠡᠬᠦᠯᠵᠤ᠂ ᠰᠦᠯᠵᠢᠶᠠᠨ ᠤ《 ᠲᠦᠯᠤᠭᠡᠯᠡᠭᠴᠢ ᠶᠢᠨ ᠭᠡᠷ ᠪᠦᠯᠢ》᠋ ᠶᠢᠨ ᠡᠯ᠎ᠠ ᠲᠦᠷᠤᠯ ᠤᠨ ᠴᠢᠳᠠᠪᠬᠢ ᠶᠢ ᠲᠦᠷᠢᠮᠵᠢᠬᠦᠯᠤᠨ᠂ ᠰᠦᠯᠵᠢᠶᠠᠨ ᠤ《 ᠲᠦᠯᠤᠭᠡᠯᠡᠭᠴᠢ ᠶᠢᠨ ᠭᠡᠷ ᠪᠦᠯᠢ》᠋ ᠶᠢ ᠲᠦᠯᠤᠭᠡᠯᠡᠭᠴᠢᠳ ᠤᠨ ᠰᠠᠢᠨ ᠰᠠᠢᠬᠠᠨ ᠰᠠᠨᠠᠯ ᠰᠠᠨᠠᠭᠤᠯᠭ᠎ᠠ ᠲᠠᠪᠰᠢᠬᠦᠯᠬᠦ ᠰᠢᠨ᠎ᠡ ᠠᠷᠭ᠎ᠠ ᠵᠠᠮ ᠪᠤᠯᠭᠠᠵᠤ᠂ ᠲᠦᠯᠤᠭᠡᠯᠡᠭᠴᠢᠳ ᠤᠨ ᠬᠦᠳᠡᠯᠭᠡᠭᠡᠨ ᠢ ᠨᠡᠩ ᠪᠠᠶᠠᠯᠢᠭ ᠰᠠᠢᠬᠠᠨ᠂ ᠨᠡᠩ ᠦᠷ᠎ᠠ ᠪᠦᠳᠤᠮᠵᠢᠳᠠᠢ ᠪᠤᠯᠭᠠᠬᠤ ᠭᠡᠷᠡᠭᠳᠡᠢ ᠭᠡᠵᠡᠢ᠃


ᠼᠦᠢ ᠶᠦᠩ ᠶᠦᠸᠸ ᠵᠢᠭᠠᠵᠤ ᠭᠠᠷᠭᠠᠭᠰᠨᠨ ᠨᠢ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠤᠢᠯ ᠢ ᠪᠢᠯᠸᠲ ᠦᠭᠴᠤ ᠪᠠᠳᠤᠯᠠᠬᠤ ᠲᠦᠷᠢᠮ ᠤᠨ ᠰᠠᠢᠨ ᠲᠤᠷᠰᠢᠯᠭ᠎ᠠ᠂ ᠰᠠᠢᠨ ᠠᠷᠭ᠎ᠠ ᠠᠪᠴᠠᠯ ᠢ ᠤᠯᠠᠮ ᠨᠢᠭᠡ ᠠᠯᠬᠤᠮ ᠦᠷᠭᠡᠨ ᠬᠦᠨᠵᠡᠭᠡᠢ ᠰᠤᠷᠤᠯᠴᠠᠵᠤ᠂ ᠪᠢᠯᠸᠲ ᠦᠭᠴᠤ ᠪᠠᠳᠤᠯᠬᠠᠤ ᠲᠦᠷᠢᠮ ᠤᠨ ᠴᠢᠬᠤᠯᠨ ᠠᠭᠤᠯᠭ᠎ᠠ ᠪᠠ ᠤᠯᠤᠰ ᠲᠦᠷᠤ ᠶᠢᠨ ᠠᠭᠤᠯᠬᠤᠨ ᠢ ᠬᠦᠨᠵᠡᠭᠡᠢ ᠤᠢᠯᠠᠭᠠᠨ᠂ ᠲᠤᠷᠰᠢᠯᠳᠠ ᠶᠢᠨ ᠴᠡᠭ ᠤᠨ ᠠᠵᠢᠯ ᠢ ᠦᠨᠡᠨᠬᠦ ᠴᠢᠩᠭ᠋᠎ᠠ ᠠᠳᠬᠤᠵᠤ᠂ ᠲᠠᠷᠠᠭᠠᠴᠢ ᠶᠢᠨ ᠪᠦᠬᠦ ᠲᠠᠯ᠎ᠠ ᠪᠡᠷ ᠲᠠᠯᠭᠡᠷᠡᠬᠦᠯᠬᠦ ᠳᠤ ᠠᠰᠢᠭᠳᠠᠢ ᠯᠠᠪᠯᠠᠯᠳᠠ ᠪᠠ ᠬᠦᠴᠤᠳᠠᠢ ᠪᠠᠳᠤᠯᠠᠭ᠎ᠠ ᠬᠠᠩᠭᠠᠨ᠂ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠤᠢᠯ ᠤᠨ ᠭᠤᠭᠴᠤᠭ᠎ᠠ ᠪᠦᠷᠢ ᠶᠢ ᠤᠯᠠᠮ ᠨᠢᠭᠡ ᠠᠯᠬᠤᠮ ᠡᠵᠡᠮᠳᠡᠵᠤ᠂ ᠠᠵᠢᠯᠯᠠᠬᠤ ᠬᠤᠭᠤᠴᠠᠭ᠎ᠠ ᠪᠠᠨ ᠲᠤᠬᠢᠷᠠᠭᠤᠯᠤᠨ᠂ ᠪᠠᠷᠢᠯᠭ᠎ᠠ ᠶᠢᠨ ᠠᠬᠢᠴᠨ ᠶᠢ ᠲᠦᠷᠭᠡᠳᠭᠡᠵᠤ᠂ ᠲᠦᠷᠤᠯ ᠵᠤᠢᠯ ᠢ ᠪᠤᠳᠠᠳᠠᠢ ᠨᠠᠷᠢᠯᠢᠭ ᠬᠢᠵᠤ᠂ ᠲᠦᠷᠤᠯ ᠵᠤᠢᠯ ᠤᠨ ᠬᠢᠨᠠᠯᠳᠠ ᠲᠠᠯᠪᠢᠬᠤ ᠠᠵᠢᠯ ᠢ ᠰᠠᠢᠳᠤᠷ ᠠᠳᠬᠤᠨ᠂ᠬᠢᠨᠠᠯᠳᠠ ᠲᠠᠯᠪᠢᠬᠤ ᠭᠡᠯᠪᠡᠷᠢ ᠪᠠᠨ ᠲᠠᠰᠤᠷᠠᠯᠳᠠ ᠦᠭᠡᠢ ᠰᠢᠨᠡᠳᠭᠡᠵᠤ᠂ ᠬᠢᠨᠠᠯᠳᠠ ᠲᠠᠯᠪᠢᠬᠤ ᠪᠤᠳᠠᠳᠤ ᠦᠷ᠎ᠠ ᠪᠦᠳᠤᠮᠵᠢ ᠪᠠᠨ ᠲᠠᠭᠡᠭᠰᠢᠯᠡᠬᠦᠯᠤᠨ᠂ ᠬᠢᠨᠠᠯᠳᠠ ᠲᠠᠯᠪᠢᠬᠤ ᠠᠭᠤᠯᠭ᠎ᠠ ᠪᠠᠨ ᠪᠠᠶᠠᠯᠢᠭᠵᠢᠭᠤᠯᠵᠤ᠂ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠲᠦᠷᠢᠮ ᠢ ᠪᠤᠳᠠᠳᠠᠢ ᠳᠤ ᠨᠠᠢᠳᠠᠪᠤᠷᠢᠵᠢᠭᠤᠯᠤᠨ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ ᠭᠡᠷᠡᠭᠳᠡᠢ ᠭᠡᠵᠡᠢ᠃