ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠠᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠡᠴᠡ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶᠠᠨ ᠤ《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ 》᠊ ᠶᠢ ᠭᠦᠢᠴᠡᠳᠭᠡᠨ ᠬᠡᠷᠡᠭᠵᠢᠭᠦᠯᠦᠭᠰᠡᠨ ᠪᠠᠢᠳᠠᠯ ᠢ ᠪᠠᠢᠴᠠᠭᠠᠨ ᠰᠤᠳᠤᠯᠤᠭᠰᠠᠨ

5ᠰᠠᠷ᠎ᠠ ᠶᠢᠨ24᠊ ᠤ ᠡᠳ᠋ᠦᠷ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠦᠷᠡᠪᠠᠳ᠋ᠤ ᠡᠴᠡ ᠬᠡᠰᠡᠭ᠌ ᠠᠷᠠᠳ ᠤᠨ ᠲᠦ᠋ᠯᠦᠭᠡᠯᠡᠭ᠍ᠴᠢ᠍ᠳ ᠪᠤᠯᠤᠨ ᠬᠢᠨᠠᠨ ᠪᠠᠢ᠌ᠴᠠᠭᠠᠬᠤ ᠪᠠ ᠬᠠᠤᠯᠢ ᠴᠠᠭᠠᠵᠠ ᠶᠢᠨ ᠠᠵᠢ᠍ᠯ ᠤᠨ ᠵᠦ᠋ᠪᠯᠡᠯ ᠦᠨ ᠬᠠᠷᠢ᠍ᠭᠤᠴᠠᠯᠭᠠᠳ᠋ᠠᠨ ᠢ ᠳᠠᠭᠠᠭᠤᠯᠤᠨ᠂ ᠬᠤᠰᠢ᠍ᠭᠤᠨ ᠤ ᠠᠷᠠᠳ ᠤᠨ ᠪᠠᠢ᠌ᠴᠠᠭᠠᠬᠤ ᠬᠤᠷᠢ᠍ᠶᠠᠨ ᠳᠤ ᠬᠦᠷᠴᠤ᠂ ᠲᠤᠬᠠᠢ ᠶᠢᠨ ᠭᠠᠵᠠᠷ ᠲᠤ ᠨᠢ ᠪᠠᠢ᠌ᠴᠠᠭᠠᠨ ᠦᠵᠡᠬᠦ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠬᠤ ᠪᠠ ᠬᠠᠷᠢ᠍ᠭᠤ ᠮᠡᠳ᠋ᠡᠬᠦᠯᠦᠯᠳ᠋ᠡ ᠶᠢ ᠰᠤᠨᠤᠰᠬᠤ ᠵᠡᠷᠭᠡ ᠬᠡᠯᠪᠡᠷᠢ ᠪᠡᠷ ᠳᠠᠮᠵᠢ᠍ᠨ᠂ ᠪᠠᠢ᠌ᠴᠠᠭᠠᠬᠤ ᠬᠤᠷᠢ᠍ᠶᠠᠨ ᠤ《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ 》᠊ ᠶᠢ ᠬᠦᠢ᠍ᠴᠡᠳᠭᠡᠨ ᠬᠡᠷᠡᠭ᠍ᠵᠢ᠍ᠭᠦᠯᠵᠦ ᠪᠠᠢ᠌ᠭ᠎ᠠ ᠪᠠᠢ᠌ᠳ᠋ᠠᠯ ᠢ ᠰᠤᠳ᠋ᠤᠯᠤᠭᠰᠠᠨ ᠪᠠᠢ᠌ᠨ᠎ᠠ᠃

ᠦᠷᠡᠪᠠᠳ᠋ᠤ ᠡᠴᠡ ᠵᠢᠭᠠᠵᠤ ᠭᠠᠷᠭᠠᠭᠰᠠᠨ ᠨᠢ᠂《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ》ᠪᠤᠯ ᠨᠢ᠍ᠭᠡᠨ ᠴᠢ᠍ᠬᠤᠯᠨ ᠬᠠᠤᠯᠢ ᠴᠠᠭᠠᠵᠨ ᠪᠠᠢ᠌ᠵᠤ᠂ ᠶᠠᠯᠠᠳ᠋ᠤ ᠬᠡᠷᠡᠭ᠌ ᠢ ᠰᠢ᠌ᠳᠭᠡᠬᠦ᠂ ᠠᠷᠠᠳ ᠲᠦ᠋ᠮᠡᠨ ᠢ ᠬᠠᠮᠠᠭᠠᠯᠠᠬᠤ᠂ ᠤᠯᠤᠰ ᠤᠨ ᠠᠮᠤᠷ ᠲᠦ᠋ᠪᠰᠢ᠍ᠨ ᠪᠠ ᠨᠡᠢ᠌ᠭᠡᠮ ᠨᠡᠢ᠌ᠳ᠋ᠠ ᠶᠢᠨ ᠠᠮᠤᠷ ᠲᠦ᠋ᠪᠰᠢ᠍ᠨ ᠢ ᠪᠠᠳ᠋ᠤᠯᠠᠬᠤ᠂ ᠠᠮᠤᠷ ᠲᠤᠭᠳ᠋ᠠᠭᠤᠨ ᠡᠶ᠎ᠠ ᠵᠤᠬᠢᠴᠠᠩᠭ᠋ᠤᠢ ᠨᠡᠢ᠌ᠭᠡᠮ ᠦᠨ ᠡᠮᠬᠢ ᠲᠢᠭ᠍ᠯᠢᠮ ᠢ ᠬᠠᠮᠠᠭᠠᠯᠠᠬᠤ ᠳᠤ ᠲᠤᠩ ᠴᠢ᠍ᠬᠤᠯᠨ ᠠᠴᠢ ᠬᠤᠯᠪᠤᠭᠳ᠋ᠠᠯ ᠲᠡᠶ ᠪᠠᠢ᠌ᠵᠤ᠂《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ 》᠊ ᠶᠢᠨ ᠬᠠᠮᠢ᠍ᠶ᠎ᠠ ᠪᠦᠬᠦᠢ ᠲᠤᠭᠳ᠋ᠠᠭᠠᠯ ᠢ ᠲᠦ᠋ᠪ ᠴᠢ᠍ᠩᠭ᠎ᠠ᠂ ᠨᠠᠷᠢ᠍ᠨ ᠬᠢᠨᠠᠮᠠᠭᠠᠢ᠂ ᠵᠦ᠋ᠪ ᠤᠨᠤᠪᠴᠢ᠍ᠲᠠᠢ ᠪᠡᠷ ᠬᠡᠷᠡᠭ᠍ᠵᠢ᠍ᠬᠦᠯᠬᠦ ᠬᠡᠷᠡᠭ᠍ᠲᠡᠢ᠃ ᠠᠵᠢ᠍ᠯ ᠤᠨ ᠲᠦ᠋ᠷᠢ᠍ᠮ ᠲᠤᠭᠳ᠋ᠠᠭᠠᠯ᠂ ᠲᠤᠭᠲᠠᠯᠴᠠᠭ᠎ᠠ ᠶᠢᠨ ᠪᠦᠲᠦᠭᠡᠨ ᠪᠠᠢ᠌ᠭᠤᠯᠤᠯᠳ᠋ᠡ ᠪᠠᠨ ᠦᠷᠬᠦᠯᠵᠢ᠍ᠯᠡᠨ ᠲᠡᠭᠦᠯᠳ᠋ᠡᠷᠵᠢ᠍ᠭᠦᠯᠵᠤ᠂ ᠡᠷᠡᠭᠦᠤ ᠶᠢᠨ ᠵᠠᠷᠭᠤ ᠶᠢᠨ ᠬᠢᠨᠡᠨ ᠲᠠᠯᠪᠢᠬᠤ ᠶᠢ ᠤᠯᠠᠮ ᠨᠢ᠍ᠭᠡ ᠠᠯᠬᠤᠮ ᠴᠢ᠍ᠩᠭ᠋ᠠᠷᠠᠭᠤᠯᠤᠨ᠂ ᠬᠠᠤᠯᠢ ᠴᠠᠭᠠᠵᠨ ᠶᠢᠨ ᠬᠢᠨᠠᠯᠳ᠋ᠡ ᠲᠠᠯᠪᠢᠬᠤ ᠬᠢᠷᠢ ᠲᠦ᠋ᠪᠰᠢ᠍ᠨ ᠪᠠ ᠴᠢ᠍ᠨᠠᠷ ᠴᠢ᠍ᠨᠰᠠᠭ᠎ᠠ ᠶᠢ ᠳᠡᠭᠡᠭ᠍ᠰᠢ᠍ᠯᠡᠬᠦᠯᠬᠦ ᠬᠡᠷᠡᠭ᠍ᠲᠡᠢ᠃ ᠡᠷᠬᠡᠪᠰᠢ《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ》᠊ ᠶᠢᠨ ᠰᠤᠷᠤᠯᠴᠠᠯᠭ᠎ᠠ ᠪᠤᠯᠤᠨ ᠦᠢ᠍ᠯᠡᠳ᠋ᠦᠯᠭᠡ ᠪᠠᠨ ᠴᠢ᠍ᠩᠭ᠋ᠠᠳᠬᠠᠵᠤ᠂《 ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠡᠷᠡᠭᠦᠤ ᠶᠢᠨ ᠵᠠᠷᠭᠤ ᠶᠢᠨ ᠬᠠᠤᠯᠢ 》᠊ ᠶᠢᠨ ᠤᠬᠠᠭᠤᠯᠭ᠎ᠠ ᠶᠢᠨ ᠬᠦᠴᠦᠯᠡᠴᠡ ᠪᠠᠨ ᠶᠡᠭᠡᠰᠬᠡᠵᠤ᠂ ᠪᠠᠢ᠌ᠴᠠᠭᠠᠬᠤ ᠠᠵᠢ᠍ᠯ ᠤᠨ ᠢᠯᠡᠴᠢ᠍ᠯᠡᠯᠳ᠋ᠡ ᠶᠢ ᠴᠢ᠍ᠩᠭ᠋ᠠᠳᠬᠠᠬᠤ ᠬᠡᠷᠡᠭ᠍ᠲᠡᠢ᠃ ᠡᠯ᠎ᠠ ᠰᠠᠯᠠᠭ᠎ᠠ ᠮᠦ᠋ᠴᠢ᠍ᠷ ᠡᠷᠬᠡᠪᠰᠢ ᠬᠠᠷᠢ᠍ᠯᠴᠠᠭ᠎ᠠ ᠬᠤᠯᠪᠤᠭ᠎ᠠ ᠪᠠᠨ ᠶᠡᠭᠡᠰᠬᠡᠨ᠂ ᠨᠢ᠍ᠭᠳ᠋ᠠ ᠬᠠᠮᠵᠢ᠍ᠯᠴᠠᠵᠤ᠂ ᠬᠢᠨᠠᠯᠳ᠋ᠡ ᠲᠠᠯᠪᠢᠬᠤ ᠬᠠᠮᠢ᠍ᠶᠠᠷᠤᠯᠳ᠋ᠡ ᠪᠠᠨ ᠴᠢ᠍ᠩᠭ᠋ᠠᠳᠬᠠᠨ᠂ ᠡᠷᠡᠭᠦᠤ ᠶᠢᠨ ᠬᠡᠷᠡᠭ᠌ ᠢ ᠰᠠᠢ᠌ᠳ᠋ᠤᠷ ᠰᠢ᠌ᠳᠪᠦᠷᠢ᠍ᠯᠡᠵᠤ᠂ ᠰᠠᠢ᠌ᠨ ᠰᠠᠢ᠌ᠬᠠᠨ ᠨᠡᠢ᠌ᠭᠡᠮ ᠵᠢᠷᠤᠮ ᠤᠨ ᠬᠠᠤᠯᠢ ᠪᠡᠷ ᠵᠠᠰᠠᠬᠤ ᠲᠠᠨᠢ᠍ᠯᠳ᠋ᠡ ᠪᠤᠯᠤᠨ ᠬᠠᠤᠯᠢ ᠬᠡᠷᠡᠭ᠍ᠵᠢ᠍ᠬᠦᠯᠬᠦ ᠤᠷᠴᠢ᠍ᠨ ᠲᠤᠭᠤᠷᠢ᠍ᠨ ᠢ ᠡᠬᠦᠳ᠋ᠦᠨ᠂ ᠮᠠᠨ ᠤ ᠬᠤᠰᠢ᠍ᠭᠤᠨ ᠤ ᠠᠵᠤ ᠠᠬᠤᠢ ᠨᠡᠢ᠌ᠭᠡᠮ ᠦᠨ ᠡᠶ᠎ᠠ ᠵᠤᠬᠢᠴᠠᠩᠭ᠋ᠤᠢ ᠠᠮᠤᠷ ᠲᠤᠭᠳ᠋ᠠᠭᠤᠨ ᠭᠦᠭ᠍ᠵᠢ᠍ᠯᠳ᠋ᠡ ᠳᠤ ᠢᠳ᠋ᠡᠪᠬᠢᠲᠡᠢ ᠬᠦᠴᠦᠨ ᠨᠡᠮᠡᠷᠢ᠍ᠯᠡᠬᠦ ᠬᠡᠷᠡᠭ᠍ᠲᠡᠢ ᠭᠡᠵᠡᠢ᠃ (ᠳᠠᠯᠠᠢ)