ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ
5 ᠰᠠᠷ᠎ᠠ ᠶᠢᠨ 23-24᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠦᠨᠳᠤᠰᠤᠳᠠᠨ ᠤ ᠬᠠᠷᠢᠶᠠᠳᠤ ᠶᠠᠪᠤᠳᠠᠯ ᠤᠨ ᠭᠠᠳᠠᠭᠠᠳᠤ ᠶᠠᠪᠤᠳᠠᠯ ᠤᠨ ᠵᠢᠭᠤᠯᠴᠢᠯᠠᠯ ᠤᠨ ᠵᠦᠪᠯᠡᠯ ᠤᠨ ᠡᠷᠬᠢᠯᠡᠭᠴᠢ ᠪᠤᠤ ᠬᠠᠰ ᠨᠠᠷ ᠮᠠᠨ ᠤ ᠬᠤᠰᠢᠭᠤᠨ ᠳᠤ ᠢᠷᠡᠵᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠠᠵᠢᠯ ᠳᠤ ᠪᠠᠢᠴᠠᠭᠠᠨ ᠰᠤᠳᠤᠯᠤᠯᠳᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ᠂ ᠬᠤᠰᠢᠭᠤᠨ ᠲᠠᠳ᠋ ᠲᠠᠷᠤᠭ᠎ᠠ ᠦᠨᠡᠨ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠲᠠᠷᠤᠭ᠎ᠠ ᠶᠠᠩ ᠭᠧ ᠬᠤᠸᠨ ᠪᠠᠢᠴᠠᠭᠠᠨ ᠰᠤᠳᠤᠯᠤᠯᠳᠠ ᠪᠤᠶᠤ ᠰᠠᠭᠤᠳᠠᠯ ᠤᠨ ᠬᠤᠷᠠᠯ ᠳᠤ ᠤᠷᠤᠯᠴᠠᠭᠰᠨᠨ ᠪᠠᠢᠨ᠎ᠡ᠃

ᠪᠠᠢᠴᠠᠭᠠᠨ ᠰᠤᠳᠤᠯᠬᠤ ᠲᠤᠭᠤᠢᠯᠠᠩ ᠤᠷᠢᠳ ᠬᠤᠵᠢᠳ ᠪᠠᠶᠠᠷᠳᠤᠬᠤᠰᠢᠭᠤ ᠪᠠᠯᠭᠠᠰᠤ᠂ ᠵᠠᠷᠤᠤᠨ ᠬᠤᠰᠢᠭᠤᠨ ᠤ ᠮᠤᠩᠭᠤᠯ ᠦᠨᠳᠤᠰᠤᠳᠠᠨ ᠤ ᠬᠤᠶᠠᠳᠤᠭᠠᠷ ᠲᠤᠮᠳᠠᠳᠤ ᠰᠤᠷᠭᠠᠭᠤᠯᠢ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠳᠤ ᠬᠦᠷᠴᠤ ᠪᠤᠳᠠᠳᠠᠢ ᠭᠠᠵᠠᠷ ᠲᠤ ᠪᠠᠢᠴᠠᠭᠠᠨ ᠰᠤᠳᠤᠯᠤᠯᠳᠠ ᠬᠢᠵᠤ᠂ ᠲᠤᠬᠠᠢ ᠶᠢᠨ ᠲᠠᠯᠠᠪᠤᠷ ᠲᠤ ᠪᠢᠴᠢᠭ᠌ ᠮᠠᠲ᠋ᠸᠷᠢᠶᠠᠯ᠂ ᠤᠬᠠᠭᠤᠯᠭ᠎ᠠ ᠶᠢᠨ ᠪᠤᠯᠦᠩ᠂ ᠫᠠᠢᠰᠨ ᠢᠯᠡᠷᠭᠡᠢᠢᠯᠡᠯ᠂ ᠵᠢᠭᠠᠪᠤᠷᠢ ᠶᠢᠨ ᠫᠠᠢᠰᠨ᠂ ᠬᠠᠤᠯᠢ ᠶᠢᠨ ᠴᠠᠭᠳᠠᠭ᠎ᠠ ᠶᠢᠨ ᠠᠵᠢᠯ ᠤᠨ ᠲᠤᠭᠤᠷᠢᠭ᠂ ᠬᠠᠤᠯᠢ ᠴᠠᠭᠠᠵᠨ ᠶᠢᠨ ᠤᠢᠯᠡᠴᠢᠯᠡᠭᠡᠨ ᠤ ᠴᠢᠳᠠᠪᠤᠷᠢᠳᠠᠨ ᠤ ᠡᠩᠨᠡᠭᠡ ᠶᠢᠨ ᠪᠦᠳᠤᠭᠡᠨ ᠪᠠᠢᠭᠤᠯᠤᠯᠳᠠ ᠵᠢᠴᠢ ᠭᠡᠷᠡᠭ ᠰᠢᠢᠳᠪᠤᠷᠢᠯᠡᠬᠦ ᠠᠵᠢᠯ ᠤᠨ ᠲᠤᠭᠤᠷᠢᠭ ᠤᠨ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠵᠤ ᠪᠠᠢᠭ᠎ᠠ ᠪᠠᠢᠳᠠᠯ ᠳᠤ ᠪᠠᠢᠴᠠᠭᠠᠨ ᠰᠤᠳᠤᠯᠤᠯᠳᠠ ᠬᠢᠭᠰᠡᠡ ᠪᠠᠢᠨ᠎ᠡ᠃

ᠪᠤᠳᠠᠳᠠᠢ ᠪᠠᠢᠴᠠᠭᠠᠨ ᠰᠤᠳᠤᠯᠤᠯᠳᠠ ᠲᠠᠭᠤᠰᠤᠭᠰᠠᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠲᠠᠳ᠋ ᠲᠠᠷᠤᠭ᠎ᠠ ᠦᠨᠡᠨ ᠮᠠᠨ ᠤ ᠬᠤᠰᠢᠭᠤᠨ ᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠵᠤ ᠪᠠᠢᠭ᠎ᠠ ᠠᠵᠢᠯ ᠤᠨ ᠪᠠᠢᠳᠠᠯ ᠢ ᠬᠠᠷᠢᠭᠤ ᠮᠡᠳᠡᠬᠦᠯᠪᠡ᠃ ᠪᠠᠢᠴᠠᠭᠠᠨ ᠰᠤᠳᠤᠯᠬᠤ ᠲᠤᠭᠤᠢᠯᠠᠩ ᠡᠴᠨ ᠮᠠᠨ ᠤ ᠬᠤᠰᠢᠭᠤᠨ ᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠵᠤ ᠪᠠᠢᠭ᠎ᠠ ᠠᠵᠢᠯ ᠳᠤ ᠬᠦᠢᠴᠡᠳ ᠦᠨᠡᠯᠡᠯᠳᠠ ᠦᠭᠬᠦᠭᠰᠨᠨ ᠪᠠᠢᠨ᠎ᠡ᠃ ᠱᠠᠭᠠᠷᠳᠠᠭᠰᠨᠨ ᠨᠢ᠂ ᠵᠠᠷᠤᠤᠨ ᠬᠤᠰᠢᠭᠤ ᠤᠯᠤᠰ ᠲᠦᠷᠤ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂《 ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠬᠠᠮᠢᠶᠠᠷᠤᠯᠳᠠ ᠶᠢᠨ ᠠᠷᠭ᠎ᠠ》ᠵᠡᠷᠭᠡ ᠬᠠᠮᠢᠶ᠎ᠠ ᠪᠦᠬᠦᠢ ᠬᠠᠤᠯᠢ ᠴᠠᠭᠠᠵᠨ ᠬᠠᠤᠯᠢ ᠲᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠵᠤ ᠨᠠᠢᠳᠠᠪᠤᠷᠢᠵᠢᠭᠤᠯᠤᠨ᠂ ᠠᠵᠢᠯ ᠤᠨ ᠲᠦᠷᠢᠮᠵᠢᠯ ᠢ ᠤᠯᠠᠮ ᠨᠢᠭᠡ ᠠᠯᠬᠤᠮ ᠪᠦᠷᠢᠨ ᠲᠠᠬᠦᠯᠳᠡᠷᠵᠢᠬᠦᠯᠵᠤ᠂ᠮᠤᠩᠭᠤᠯ ᠬᠢᠳᠠᠳ ᠬᠤᠶᠠᠷ ᠵᠦᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠲᠦᠷᠢᠮ ᠢ ᠦᠷᠬᠦᠯᠵᠢᠯᠠᠨ ᠲᠦᠷᠢᠮᠵᠢᠬᠦᠯᠤᠨ᠂ ᠪᠠᠷᠢᠮᠵᠢᠶᠠᠵᠢᠭᠤᠯᠬᠤ ᠭᠡᠷᠡᠭᠳᠡᠢ᠃ ᠤᠷᠴᠢᠭᠤᠯᠭ᠎ᠠ ᠶᠢᠨ ᠡᠩᠨᠡᠭᠡ ᠶᠢᠨ ᠪᠦᠳᠤᠭᠡᠨ ᠪᠠᠢᠭᠤᠯᠤᠯᠳᠠ ᠪᠠᠨ ᠴᠢᠩᠭᠠᠳᠬᠠᠵᠤ᠂ ᠤᠷᠴᠢᠭᠤᠯᠤᠭᠴᠢ ᠶᠢᠨ ᠲᠤᠬᠠᠢᠯᠠᠭᠰᠨᠨ ᠠᠵᠢᠯ ᠤᠨ ᠬᠢᠷᠢ ᠲᠦᠪᠰᠢᠨ ᠪᠤᠯᠤᠨ ᠠᠵᠢᠯ ᠤᠨ ᠴᠢᠳᠠᠪᠤᠷᠢ ᠶᠢ ᠲᠠᠭᠡᠭᠰᠢᠯᠡᠬᠦᠯᠤᠨ᠂ ᠤᠢᠯᠡᠳᠤᠨ ᠬᠢᠬᠦ ᠪᠠᠢᠭᠤᠯᠭ᠎ᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠫᠠᠢᠰᠨ ᠢᠯᠡᠷᠡᠭᠡᠢᠢᠯᠡᠯ ᠢ ᠬᠢᠨᠠᠨ ᠵᠦᠪᠰᠢᠶᠡᠷᠡᠬᠦ ᠬᠠᠮᠢᠶᠠᠷᠤᠯᠳᠠ ᠶᠢᠨ ᠶᠠᠪᠤᠴᠠ ᠶᠢ ᠪᠠᠢᠭᠤᠯᠵᠤ ᠲᠠᠬᠦᠯᠳᠡᠷᠵᠢᠬᠦᠯᠤᠨ᠂ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠤᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠨᠤᠷᠮ᠎ᠠ᠂ ᠬᠢᠷᠢ ᠲᠠᠩᠴᠡᠭᠰᠨᠨ ᠨᠤᠷᠮ᠎ᠠ ᠪᠤᠯᠤᠨ ᠤᠨᠤᠪᠴᠢ ᠶᠢᠨ ᠨᠤᠷᠮ᠎ᠠ ᠶᠢ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ ᠭᠡᠵᠡᠢ᠃

ᠰᠠᠭᠤᠳᠠᠯ ᠤᠨ ᠬᠤᠷᠠᠯ ᠲᠠᠭᠡᠷ᠎ᠠ᠂ ᠰᠦᠩ ᠯᠢᠶᠠᠨ ᠡᠾᠦ᠋ᠢ ᠡᠴᠨ ᠮᠠᠨ ᠤ ᠬᠤᠰᠢᠭᠤ ᠲᠤᠰ ᠤᠳᠠᠭᠠᠨ ᠤ ᠪᠠᠢᠴᠠᠭᠠᠨ ᠰᠤᠳᠤᠯᠤᠯᠳᠠ ᠲᠤᠮᠳᠠ ᠤᠷᠤᠰᠢᠵᠤ ᠪᠠᠢᠭ᠎ᠠ ᠮᠤᠩᠭᠤᠯ ᠬᠢᠳᠠᠳ ᠬᠤᠶᠠᠷ ᠵᠦᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠲᠦᠷᠢᠮᠵᠢᠯ ᠪᠤᠰᠤ ᠠᠰᠠᠭᠤᠳᠠᠯ ᠢ ᠨᠠᠷᠢᠨ ᠬᠢᠨᠠᠮᠠᠭᠠᠢ ᠡᠮᠬᠢᠳᠭᠡᠵᠤ᠂ ᠲᠠᠭᠡᠷ᠎ᠠ ᠱᠠᠳᠤᠨ ᠤ ᠲᠤᠬᠢᠷᠠᠭᠤᠯᠤᠯᠳᠠ ᠶᠤᠰᠤᠭᠠᠷ᠂ ᠪᠦᠬᠦ ᠬᠤᠰᠢᠭᠤᠨ ᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠦᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠠᠵᠢᠯ ᠤᠨ ᠬᠢᠷᠢ ᠲᠦᠪᠰᠢᠨ ᠢ ᠦᠨᠡᠨᠬᠦ ᠲᠠᠭᠡᠭᠰᠢᠯᠡᠬᠦᠯᠤᠨᠡ ᠭᠡᠵᠡᠢ᠃ ᠬᠤᠷᠠᠯ ᠳᠤ ᠤᠷᠤᠯᠴᠠᠭᠰᠠᠳ ᠮᠠᠨ ᠤ ᠬᠤᠰᠢᠭᠤᠨ ᠤ ᠨᠡᠢᠭᠡᠮ ᠤᠨ ᠦᠩᠭᠡᠨ ᠭᠡᠷᠡᠭᠯᠡᠭᠡᠨ ᠤ ᠮᠤᠩᠭᠤᠯ ᠬᠢᠳᠠᠳ ᠬᠤᠶᠠᠷ ᠵᠦᠢᠯ ᠤᠨ ᠦᠰᠤᠭ᠌ ᠪᠢᠴᠢᠭ᠌ ᠢ ᠵᠡᠷᠭᠡᠪᠡᠷ ᠭᠡᠷᠡᠭᠯᠡᠬᠦ ᠠᠵᠢᠯ ᠲᠤᠮᠳᠠ ᠤᠷᠤᠰᠢᠵᠤ ᠪᠠᠢᠭ᠎ᠠ ᠠᠰᠠᠭᠤᠳᠠᠯ ᠳᠤ ᠰᠠᠢᠨ ᠰᠠᠨᠠᠯ ᠰᠠᠨᠠᠭᠤᠯᠭ᠎ᠠ ᠲᠤᠷᠠᠳᠤᠭᠰᠠᠨ ᠪᠠᠢᠨ᠎ᠡ᠃