ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠤᠪᠳᠤ ᠰᠤᠷᠤᠯᠴᠠᠯᠭ᠎ᠠ ᠦᠷᠨᠢᠬᠦᠯᠦᠭᠰᠨᠨ ᠨᠢ


5 ᠰᠠᠷ᠎ᠠ ᠶᠢᠨ 31᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠢ ᠲᠦᠯᠬᠢᠨ ᠠᠬᠢᠭᠤᠯᠬᠤ ᠬᠤᠷᠠᠯ ᠤᠨ ᠵᠤᠷᠢᠭ ᠰᠠᠨᠠᠭᠠᠨ ᠤ ᠲᠤᠰᠬᠠᠢ ᠰᠡᠳᠤᠪᠳᠤ ᠰᠤᠷᠤᠯᠴᠠᠯᠭ᠎ᠠ ᠦᠷᠨᠢᠬᠦᠯᠦᠭᠰᠨᠨ ᠪᠠᠢᠨ᠎ᠡ᠃ ᠨᠠᠷᠢᠨ ᠪᠢᠴᠢᠭ᠌ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠵᠤ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠪᠠ᠃

 ᠬᠤᠷᠠᠯ ᠲᠠᠭᠡᠷ᠎ᠠ᠂ ᠯᠢ ᠴᠸᠩ ᠬᠦᠸᠸ ᠪᠦᠬᠦ ᠬᠤᠰᠢᠭᠤᠨ ᠤ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠡᠮᠡᠴᠡᠯ ᠤᠨ ᠠᠵᠢᠯ ᠤᠨ ᠲᠦᠯᠬᠢᠨ ᠠᠬᠢᠭᠤᠯᠬᠤ ᠬᠤᠷᠠᠯ ᠲᠠᠭᠡᠷᠡᠬᠢ ᠪᠠᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠳᠤ ᠪᠠᠢᠭᠤᠯᠭ᠎ᠠ ᠶᠢᠨ ᠪᠤᠳᠠᠳᠠᠢ ᠲᠠᠢ ᠤᠶᠠᠯᠳᠤᠭᠤᠯᠤᠨ᠂ ᠭᠡᠷᠬᠢᠨ ᠰᠠᠢᠳᠤᠷ ᠠᠳᠬᠤᠨ ᠲᠤᠭᠤᠰᠢᠯᠠᠭᠤᠯᠤᠨ ᠨᠠᠢᠳᠠᠪᠤᠷᠢᠵᠢᠭᠤᠯᠬᠤ ᠲᠤᠬᠢᠷᠠᠭᠤᠯᠤᠯᠳᠠ ᠪᠠᠢᠷᠢᠯᠠᠭᠤᠯᠤᠯᠳᠠ ᠬᠢᠭᠰᠡᠡ ᠪᠠᠢᠨ᠎ᠡ᠃

 

ᠯᠢ ᠴᠸᠩ ᠬᠦᠸᠸ ᠱᠠᠭᠠᠷᠳᠠᠭᠰᠠᠠ ᠨᠢ᠂ ᠪᠠᠢᠭᠤᠯᠭ᠎ᠠ ᠶᠢᠨ ᠪᠦᠬᠦ ᠨᠦᠬᠦᠤᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠦᠷᠨᠢᠬᠦᠯᠵᠤ ᠪᠠᠢᠭ᠎ᠠ ᠴᠢᠬᠤᠯᠨ ᠤᠳᠬ᠎ᠠ ᠠᠭᠤᠯᠭ᠎ᠠ ᠶᠢ ᠬᠦᠢᠴᠡᠳ ᠲᠠᠨᠢᠵᠤ᠂ ᠰᠢ ᠵᠢᠨ ᠫᠢᠩ ᠶᠡᠷᠤᠩᠬᠡᠢ ᠱᠦᠵᠢ ᠶᠢᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠤ ᠨᠠᠢᠳᠠᠪᠤᠷᠢᠵᠢᠭᠤᠯᠤᠨ᠂ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ᠂ ᠬᠤᠳᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠤᠯᠳᠠᠢ ᠪᠠᠢᠷᠢᠯᠠᠭᠤᠯᠤᠯᠳᠠ ᠶᠤᠰᠤᠭᠠᠷ᠂ ᠪᠠᠳᠤ ᠴᠢᠩᠭ᠋᠎ᠠ ᠢᠳᠡᠭᠡᠯ ᠪᠢᠰᠢᠷᠡᠯ ᠲᠠᠢ᠂ ᠬᠦᠴᠢᠷ  ᠡᠴᠨ ᠠᠶᠤᠬᠤ ᠦᠭᠡᠢ ᠪᠡᠷ ᠬᠠᠷ᠎ᠠ ᠪᠦᠯᠦᠭᠳᠡᠨ ᠬᠠᠷᠭᠢᠰ ᠬᠦᠴᠤᠨ ᠢ ᠠᠷᠢᠯᠭᠠᠬᠤ ᠲᠤᠰᠬᠠᠢ ᠲᠦᠷᠤᠯ ᠤᠨ ᠲᠠᠮᠡᠴᠡᠯ ᠤᠨ ᠬᠦᠨᠵᠡᠭᠡᠢ ᠬᠦᠭᠵᠢᠯᠳᠠ ᠶᠢ ᠲᠦᠯᠬᠢᠨ ᠠᠬᠢᠭᠤᠯᠬᠤ ᠭᠡᠷᠡᠭᠳᠡᠢ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠪᠦᠳᠤᠭᠡᠨ ᠪᠠᠢᠭᠤᠯᠤᠯᠳᠠ ᠶᠢᠨ ᠨᠠᠮ ᠤᠨ ᠪᠠᠢᠭᠤᠯᠤᠯᠳᠠ ᠶᠢᠨ ᠶᠠᠳᠠᠭᠤ ᠶᠢ ᠲᠠᠳᠬᠦᠬᠦ ᠴᠡᠭ᠂ ᠬᠠᠷᠢᠯᠴᠠᠨ ᠬᠠᠪᠰᠤᠷᠤᠯᠴᠠᠵᠤ ᠬᠠᠮᠳᠤ ᠪᠡᠷ ᠪᠠᠢᠭᠤᠯᠬᠤ ᠴᠡᠭ ᠲᠤ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠤᠨ ᠰᠢᠰᠲ᠋ᠸᠮᠳᠤ ᠬᠦᠳᠡᠯᠭᠡᠭᠡᠨ ᠢ ᠦᠷᠨᠢᠬᠦᠯᠵᠤ᠂ ᠲᠤᠰ ᠲᠦᠷᠤᠯ ᠤᠨ ᠠᠵᠢᠯ ᠢ ᠦᠷᠭᠡᠨ ᠶᠢᠠᠷ ᠲᠠᠯᠭᠡᠷᠡᠬᠦᠯᠵᠤ ᠤᠯᠠᠠ ᠲᠦᠮᠡᠨ ᠤ ᠮᠡᠳᠡᠮᠵᠢ ᠶᠢᠨ ᠨᠤᠷᠮ᠎ᠠ ᠶᠢ ᠲᠠᠭᠡᠭᠰᠢᠯᠡᠬᠦᠯᠤᠨ᠂ᠬᠠᠮᠢᠶ᠎ᠠ ᠪᠦᠬᠦᠢ ᠵᠦᠪᠯᠡᠯ ᠤᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠤᠨ ᠪᠠᠢᠴᠠᠭᠠᠨ ᠰᠤᠳᠤᠯᠤᠯᠳᠠ ᠶᠢᠨ ᠬᠢᠨᠠᠯᠳᠠ ᠶᠢ ᠴᠢᠩᠭᠠᠳᠬᠠᠬᠤ ᠭᠡᠷᠡᠭᠳᠡᠢ ᠭᠡᠵᠡᠢ᠃

ᠬᠤᠷᠠᠯ ᠤᠨ ᠲᠠᠷᠠᠭ᠎ᠠ᠂ ᠪᠦᠬᠦ ᠺᠠᠳ᠋ᠷ ᠠᠵᠢᠯᠳᠠᠨ ᠳᠤ《 ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠮᠡᠳᠡᠯᠭᠡ ᠶᠢᠨ ᠭᠠᠷ ᠲᠠᠪᠳᠡᠷ》《 ᠦᠪᠤᠷ ᠮᠤᠩᠭᠤᠯ ᠤᠨ ᠠᠮᠤᠷ ᠢ ᠬᠠᠮᠠᠭᠠᠯᠠᠬᠤ ᠪᠠᠢᠭᠤᠯᠭ᠎ᠠ ᠶᠢᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠶᠡᠷᠤ ᠶᠢᠨ ᠮᠡᠳᠡᠯᠭᠡ ᠶᠢᠨ 21ᠠᠰᠠᠭᠤᠯᠳᠠ》 ᠶᠢ ᠲᠠᠷᠬᠠᠭᠠᠨ ᠦᠭᠬᠦᠪᠡ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠨᠠᠮ ᠤᠨ ᠭᠡᠰᠢᠬᠦᠨ ᠺᠠᠳ᠋ᠷ ᠢ ᠵᠤᠬᠢᠶᠠᠨ ᠪᠠᠢᠭᠤᠯᠵᠤ᠂《ᠨᠠᠮ ᠵᠠᠰᠠᠭ ᠤᠨ ᠤᠳᠤᠷᠢᠳᠬᠤ ᠺᠠᠳ᠋ᠷ ᠢ ᠬᠢᠨᠠᠨ ᠰᠢᠯᠭᠠᠬᠤ ᠠᠵᠢᠯ ᠤᠨ ᠲᠦᠷᠢᠮ》᠋ ᠢ ᠰᠤᠷᠤᠯᠴᠠᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠵᠤᠬᠢᠶᠠᠨ ᠪᠠᠢᠭᠤᠯᠵᠤ ᠰᠡᠷᠡᠮᠵᠢ ᠶᠢᠨ ᠰᠤᠷᠭᠠᠨ ᠬᠦᠮᠤᠵᠢᠯ ᠤᠨ ᠹᠢᠯᠢᠮ ᠦᠵᠡᠨ ᠰᠤᠷᠤᠯᠴᠠᠭᠰᠠᠠ ᠨᠢ