ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳ᠋ᠠ ᠶᠢᠨ ᠠᠷᠠᠳ ᠤᠨ ᠳᠦ᠋ᠯᠦᠭᠡᠯᠡᠭ᠍ᠴᠢ᠍ᠳ ᠤᠨ᠁
ᠬᠤᠳ᠋ᠠ ᠶᠢᠨ ᠠᠷᠠᠳ ᠤᠨ ᠳᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠦᠨᠡᠯᠡᠨ ᠪᠠᠢ᠌ᠴᠠᠭᠠᠨ ᠰᠤᠳ᠋ᠤᠯᠬᠤ ᠳᠣᠭᠤᠢ᠌ᠯᠠᠡᠭ᠌ ᠮᠠᠨ ᠤ ᠬᠣᠰᠢ᠍ᠭᠤᠨ ᠳ᠋ᠥ ᠢᠷᠡᠵᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠢ ᠪᠠᠢ᠌ᠴᠠᠭᠠᠨ ᠰᠣᠳ᠋ᠣᠯᠣᠭᠰᠠᠨ

                     
                   ᠣᠢ᠌ᠷ᠎ᠠ ᠶᠢᠨ ᠡᠳ᠋ᠦᠷ᠂ ᠬᠤᠳ᠋ᠠ ᠶᠢᠨ ᠠᠷᠠᠳ ᠤᠨ ᠳᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠡᠭ᠍ᠭᠤ ᠶᠢᠨ ᠬᠤᠷᠢ᠍ᠶ᠎ᠠ ᠶᠢᠨ ᠰᠣᠷᠭᠠᠨ ᠬᠦᠮᠦᠵᠢ᠍ᠯ ᠰᠢ᠍ᠨᠵᠢ᠍ᠯᠡᠬᠦ ᠤᠬᠠᠭᠠᠨ ᠰᠣᠶ‍ᠣᠯ ᠡᠷᠡᠭᠦᠯ ᠬᠠᠮᠠᠭᠠᠯᠠᠯ ᠤᠨ ᠵᠦ᠋ᠪᠯᠡᠯ ᠦᠨ ᠡᠷᠬᠢᠯᠡᠭ᠍ᠴᠢ ᠴᠧᠩ ᠾᠦ᠋ᠢ ᠮᠢ᠍ᠨ ᠶᠢᠡᠷ ᠳᠣᠭᠤᠢ᠌ᠯᠠᠡᠭ᠌ ᠤᠨ ᠳᠠᠷᠣᠭ᠎ᠠ ᠪᠤᠯᠭᠠᠭᠰᠠᠨ ᠦᠨᠡᠯᠡᠨ ᠪᠠᠢ᠌ᠴᠠᠭᠠᠨ ᠰᠤᠳ᠋ᠤᠯᠬᠤ ᠳᠣᠭᠤᠢ᠌ᠯᠠᠡᠭ᠌ ᠮᠠᠨ ᠤ ᠬᠤᠰᠢ᠍ᠭᠤᠨ ᠳ᠋ᠥ ᠢᠷᠡᠵᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠢ ᠪᠠᠢ᠌ᠴᠠᠭᠠᠨ ᠰᠣᠳ᠋ᠣᠯᠪᠠ᠃ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠡᠭ᠍ᠭᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠦᠷᠡᠪᠡᠳ᠋ᠣ᠂ ᠬᠤᠰᠢ᠍ᠭᠤᠨ ᠳᠡᠳ᠋ ᠳᠠᠷᠣᠭ᠎ᠠ ᠦᠨᠡᠨ ᠵᠢᠴᠢ ᠬᠠᠮᠢ᠍ᠶ᠎ᠠ ᠪᠦᠬᠦᠢ ᠰᠠᠯᠠᠭ᠎ᠠ ᠮᠦ᠋ᠴᠢ᠍ᠷ ᠤᠨ ᠬᠠᠷᠢ᠍ᠭᠤᠴᠠᠯᠭᠠᠳ᠋ᠠᠨ ᠪᠠᠷ᠎ᠠ ᠪᠤᠯᠤᠨ ᠪᠠᠢ᠌ᠴᠠᠭᠠᠨ ᠰᠣᠳ᠋ᠣᠯᠪᠠ᠃
                  ᠦᠨᠡᠯᠡᠨ ᠪᠠᠢ᠌ᠴᠠᠭᠠᠨ ᠰᠤᠳ᠋ᠤᠯᠬᠤ ᠳᠣᠭᠤᠢ᠌ᠯᠠᠡᠭ᠌ ᠤᠨ ᠬᠢᠨ ᠣᠷᠢ᠍ᠳ ᠬᠤᠵᠢ᠍ᠳ ᠪᠠᠶᠠᠷᠳ᠋ᠣᠬᠤᠰᠢ᠍ᠭᠤ ᠪᠠᠯᠭᠠᠰᠣ ᠶᠢᠨ ᠳᠦ᠋ᠪᠰᠢ᠍ᠨ ᠭᠠᠴᠠᠭ᠎ᠠ ᠶᠢᠨ ᠡᠷᠡᠬᠦᠯ ᠬᠠᠮᠠᠭᠠᠯᠠᠯ ᠤᠨ ᠳᠠᠰᠣᠭ᠂ ᠮᠠᠯᠵᠢ᠍ᠬᠤ ᠣᠷᠣᠨ ᠤ ᠭᠤᠤᠯ ᠡᠷᠡᠭᠦᠯ ᠬᠠᠮᠠᠭᠠᠯᠠᠯ ᠤᠨ ᠬᠤᠷᠢ᠍ᠶ᠎ᠠ᠂ ᠦᠷᠭᠡᠨᠳ᠋ᠠᠯ᠎ᠠ ᠳᠠᠷᠢ᠍ᠶᠠᠯᠠᠡᠭ᠌ ᠤᠨ ᠳᠠᠯᠠᠪᠠᠢ ᠶᠢᠨᠡᠷᠡᠭᠦᠯ ᠬᠠᠮᠠᠭᠠᠯᠠᠯ ᠤᠨ ᠬᠤᠷᠢ᠍ᠶ᠎ᠠ᠂ ᠳᠦ᠋ᠷᠪᠡᠳ᠋ᠦᠭᠡᠷ ᠬᠤᠪᠢᠶᠠᠷᠢ ᠳᠠᠯᠠᠪᠠᠢ ᠶᠢᠨᠡᠷᠡᠬᠦᠯ ᠬᠠᠮᠠᠭᠠᠯᠠᠯ ᠤᠨ ᠲᠠᠰᠤᠭ᠂ ᠯᠦ᠋ᠪᠸᠢ ᠪᠠᠯᠭᠠᠰᠣ ᠶᠢᠨ ᠮᠣᠳ᠋ᠣ ᠡᠷᠡᠭᠦᠯ ᠬᠠᠮᠠᠭᠠᠯᠠᠯ ᠤᠨ ᠬᠤᠷᠢ᠍ᠶ᠎ᠠ ᠵᠡᠷᠭᠡ ᠭᠠᠵᠠᠷ ᠲᠣ ᠬᠦᠷᠴᠣ ᠪᠠᠢ᠌ᠴᠠᠭᠠᠨ ᠰᠣᠳ᠋ᠣᠯᠵᠤ᠂ ᠦᠨᠳ᠋ᠦᠰᠦᠨ ᠱᠠᠳ᠋ᠣᠨ ᠤ ᠡᠷᠡᠭᠦᠯ ᠬᠠᠮᠠᠭᠠᠯᠠᠯ ᠤᠨ ᠬᠤᠷᠢ᠍ᠶ᠎ᠠ᠂ ᠡᠷᠡᠬᠦᠯ ᠬᠠᠮᠠᠭᠠᠯᠠᠯ ᠤᠨ ᠲᠠᠰᠤᠭ ᠤᠨᠡᠮ ᠡᠮᠨᠡᠯᠭᠡ ᠶᠢᠨ ᠡᠷᠡᠬᠦᠯ ᠬᠠᠮᠠᠭᠠᠯᠠᠯ ᠤᠨ ᠪᠠᠢ᠌ᠭᠤᠯᠤᠮᠵᠢ ᠶᠢᠨ ᠦᠭᠡᠷᠡᠴᠢ᠍ᠯᠡᠯᠳ᠋ᠠ᠂ ᠳᠦ᠋ᠯᠦᠪᠯᠡᠭᠡᠳ᠋ᠣ ᠦᠷᠡᠵᠢ᠍ᠯ ᠤᠨ ᠦᠢ᠍ᠯᠡᠴᠢ᠍ᠯᠡᠭᠡ ᠬᠠᠯᠠᠮᠵᠢ᠍ᠯᠠᠯ᠂ ᠪᠡᠯᠡ ᠮᠦ᠋ᠡᠭ᠍ᠭᠦ ᠶᠢᠨ ᠬᠤᠪᠢᠶᠠᠷᠢ᠍ᠯᠠᠯ ᠪᠤᠯᠤᠨ ᠭᠤᠤᠯᠳ᠋ᠠᠯᠭ᠎ᠠ ᠲᠡᠶ ᠡᠮ ᠡᠮᠨᠡᠯᠭᠡ ᠶᠢᠨ ᠳᠦ᠋ᠷᠦᠯ ᠵᠦ᠋ᠢ᠍ᠯ ᠤᠨ ᠦᠷᠨᠢᠭᠦᠯᠦᠭ᠍ᠰᠡᠨ ᠪᠠᠢ᠌ᠳ᠋ᠠᠯ ᠢ ᠨᠠᠷᠢ᠍ᠯᠢ᠍ᠭ ᠤᠢ᠌ᠯᠠᠭᠠᠬᠤ ᠶᠢᠨ ᠬᠠᠮᠳ᠋ᠣ ᠦᠨᠳ᠋ᠦᠰᠦᠨ ᠱᠠᠳ᠋ᠣᠨ ᠤ ᠡᠷᠡᠭᠦᠯ ᠬᠠᠮᠠᠭᠠᠯᠠᠯ ᠤᠨ ᠴᠢ᠍ᠳ᠋ᠠᠪᠤᠷᠢ᠍ᠳ᠋ᠠᠨ ᠤ ᠡᠡᠭ᠍ᠨᠡᠭᠡ ᠶᠢᠨ ᠪᠦᠳ᠋ᠦᠭᠡᠨ ᠪᠠᠢ᠌ᠭᠤᠯᠤᠯᠳ᠋ᠠ᠂ ᠡᠷᠡᠭᠦᠯ ᠴᠢ᠍ᠬᠢᠷᠠᠭ ᠶᠢᠡᠷ ᠶᠠᠳ᠋ᠠᠭᠤ ᠵᠢ ᠳᠡᠳᠬᠦᠬᠦ᠂ ᠡᠮᠨᠡᠯᠭᠡ ᠶᠢᠨ ᠳᠠᠭᠠᠳᠬᠠᠯ ᠤᠨ ᠪᠡᠯᠡ ᠮᠦ᠋ᠡᠭ᠍ᠭᠦ ᠶᠢᠨ ᠬᠠᠮᠢ᠍ᠶᠠᠷᠣᠯᠳ᠋ᠠ᠂ ᠦᠨᠳ᠋ᠦᠰᠦᠨ ᠱᠠᠳ᠋ᠣᠨ ᠤ ᠡᠷᠡᠭᠦᠯ ᠬᠠᠮᠠᠭᠠᠯᠠᠯ ᠤᠨ ᠬᠤᠷᠢ᠍ᠶ᠎ᠠ ᠶᠢᠨ ᠪᠦᠳ᠋ᠦᠭᠡᠨ ᠪᠠᠢ᠌ᠭᠤᠯᠤᠯᠳ᠋ᠠ ᠪᠤᠯᠤᠨ ᠣᠯᠠᠨᠨᠡᠢ᠌ᠳ᠋ᠡ ᠶᠢᠨ ᠡᠷᠡᠭᠦᠯ ᠬᠠᠮᠠᠭᠠᠯᠠᠯ ᠤᠨ ᠦᠢ᠍ᠯᠡᠴᠢ᠍ᠯᠡᠭᠡ ᠵᠡᠷᠭᠡ ᠭᠤᠤᠯᠳ᠋ᠠᠯᠭ᠎ᠠ ᠲᠡᠶ ᠠᠵᠢ᠍ᠯ ᠳ᠋ᠥ ᠪᠤᠳ᠋ᠠᠳ᠋ᠠᠢ ᠰᠠᠨᠠᠯ ᠰᠠᠨᠠᠭᠤᠯᠭ᠎ᠠ ᠳᠣᠷᠠᠳ᠋ᠣᠭᠰᠠᠨ ᠪᠠᠢ᠌ᠨ᠎ᠠ᠃
                 ᠪᠤᠳ᠋ᠠᠳ᠋ᠠᠢ ᠭᠠᠵᠠᠷ ᠤᠨ ᠪᠠᠢ᠌ᠴᠠᠭᠠᠨ ᠰᠣᠳ᠋ᠣᠯᠣᠯᠳ᠋ᠠ ᠳᠠᠭᠤᠰᠣᠭᠰᠠᠨ ᠤ ᠳᠠᠷᠠᠭ᠎ᠠ ᠰᠠᠭᠤᠳ᠋ᠠᠯ ᠤᠨ ᠬᠤᠷᠠᠯ ᠬᠤᠷᠠᠯᠳ᠋ᠣᠭᠤᠯᠪᠠ᠃ ᠬᠤᠰᠢ᠍ᠭᠤᠨ ᠳᠡᠳ᠋ ᠳᠠᠷᠣᠭ᠎ᠠ ᠦᠨᠡᠨ ᠡᠴᠡ ᠭᠤᠤᠯᠳ᠋ᠠᠯᠭ᠎ᠠ ᠲᠡᠶ ᠠᠵᠢ᠍ᠯ ᠤᠨ ᠭᠦᠢ᠍ᠴᠡᠳᠭᠡᠭ᠍ᠰᠡᠨ ᠪᠠᠢ᠌ᠳ᠋ᠠᠯ᠂ ᠣᠷᠣᠰᠢ᠍ᠵᠤ ᠪᠠᠢ᠌ᠭ᠎ᠠ ᠠᠰᠠᠭᠤᠳ᠋ᠠᠯ᠂ ᠳᠠᠷᠠᠭᠠᠴᠢ ᠶᠢᠨ ᠠᠯᠬᠤᠮ ᠤᠨ ᠠᠵᠢ᠍ᠯ ᠤᠨ ᠳᠦ᠋ᠯᠦᠪᠯᠡᠭᠡ ᠵᠡᠷᠭᠡ ᠭᠤᠷᠪᠠᠨ ᠳᠠᠯ᠎ᠠ ᠡᠴᠡ ᠮᠠᠨ ᠤ ᠬᠤᠰᠢ᠍ᠭᠤᠨ ᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠦᠷᠨᠢᠭᠦᠯᠦᠭ᠍ᠰᠠᠨ ᠪᠠᠢ᠌ᠳ᠋ᠠᠯ ᠢ ᠬᠠᠷᠢ᠍ᠭᠤ ᠮᠡᠳ᠋ᠡᠭᠦᠯᠪᠡ᠃
                  ᠴᠧᠩ ᠾᠦ᠋ᠢ ᠮᠢ᠍ᠨ ᠡᠴᠡ ᠮᠠᠨ ᠤ ᠬᠤᠰᠢ᠍ᠭᠤᠨ ᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠤᠨ ᠣᠯᠣᠭᠰᠠᠨ ᠦᠷ᠎ᠠ ᠪᠦᠳ᠋ᠦᠮᠵᠢ ᠳ᠋ᠥ ᠭᠦᠢ᠍ᠴᠡᠳ ᠨᠤᠳ᠋ᠠᠯᠠᠯᠳ᠋ᠠ ᠦᠭ᠍ᠬᠦ ᠶᠢᠨ ᠬᠠᠮᠳ᠋ᠣ ᠵᠢᠭᠠᠵᠤ ᠭᠠᠷᠭᠠᠭᠰᠠᠨ ᠨᠢ᠂ ᠡᠷᠡᠭᠦᠯ ᠴᠢ᠍ᠬᠢᠷᠠᠭ ᠪᠤᠯ ᠭᠠᠵᠠᠷ ᠣᠷᠣᠨ ᠤ ᠠᠵᠤ ᠠᠬᠤᠢ ᠨᠡᠢ᠌ᠭᠡᠮ ᠤᠨ ᠬᠦᠭ᠍ᠵᠢ᠍ᠯᠳ᠋ᠡ ᠶᠢᠨ ᠴᠢ᠍ᠬᠣᠯᠠ ᠰᠠᠭᠤᠷᠢ ᠪᠠᠢ᠌ᠵᠤ᠂ ᠮᠦ᠋ᠨ ᠴᠦ ᠣᠯᠠᠨ ᠳᠦ᠋ᠮᠡᠨ ᠤ ᠬᠠᠮᠳ᠋ᠣ ᠶᠢᠨ ᠬᠦᠬᠡᠬᠡᠴᠡᠯᠳ᠋ᠦᠯ ᠪᠤᠯᠤᠨ᠎ᠠ᠃ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠦᠢ᠍ᠯᠡᠰ ᠨᠢ ᠴᠢ᠍ᠨᠡᠭᠡᠯᠢ᠍ᠭ᠌ ᠨᠡᠢ᠌ᠭᠡᠮ ᠢ ᠪᠦᠬᠦ ᠳᠠᠯ᠎ᠠ ᠪᠠᠷ ᠪᠦᠳ᠋ᠦᠭᠡᠨ ᠪᠠᠢ᠌ᠭᠤᠯᠬᠤ ᠲᠡᠶ ᠨᠢ᠍ᠭᠲᠠ ᠬᠤᠯᠪᠤᠭᠳ᠋ᠠᠵᠤ᠂ ᠮᠦ᠋ᠨ ᠴᠤ ᠣᠯᠠᠨ ᠳᠦ᠋ᠮᠡᠨ ᠤ ᠦᠨᠳ᠋ᠦᠰᠦᠨ ᠠᠰᠢ᠍ᠭ ᠳᠣᠰᠠ ᠲᠡᠶ ᠨᠢ᠍ᠭᠲᠠ ᠬᠤᠯᠪᠤᠭᠳ᠋ᠠᠵᠤ ᠪᠠᠢ᠌ᠳ᠋ᠠᠭ᠃ ᠵᠠᠷᠣᠳ ᠬᠤᠰᠢ᠍ᠭᠤ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠬᠠᠮᠢ᠍ᠶᠠᠷᠣᠯᠳ᠋ᠠ ᠶᠢᠨ ᠴᠢ᠍ᠳ᠋ᠠᠪᠤᠷᠢ᠍ᠳ᠋ᠠᠨ᠂ ᠳᠤᠳ᠋ᠠᠭᠳ᠋ᠠᠵᠤ ᠪᠠᠢ᠌ᠭ᠎ᠠ ᠴᠢ᠍ᠳ᠋ᠠᠪᠤᠷᠢ᠍ᠳ᠋ᠠᠨ᠂ ᠰᠢ᠍ᠨᠵᠢ᠍ᠯᠡᠭᠡᠨ ᠤ ᠰᠠᠯᠠᠭ᠎ᠠ ᠶᠢᠨ ᠭᠤᠤᠯᠯᠠᠭᠴᠢ ᠬᠦᠴᠦᠨ᠂ ᠶᠡᠷᠦᠡᠭ᠍ᠭᠡᠢ ᠰᠠᠯᠠᠭᠠᠨ ᠤ ᠡᠮᠴᠢ᠂ ᠭᠠᠵᠠᠷ ᠣᠷᠣᠨ ᠤ ᠨᠡᠷᠡᠳ᠋ᠣ ᠡᠮᠴᠢ ᠶᠢᠨ ᠡᠡᠭ᠍ᠨᠡᠭᠡ ᠶᠢᠨ ᠪᠦᠳ᠋ᠦᠭᠡᠨ ᠪᠠᠢ᠌ᠭᠤᠯᠤᠯᠳ᠋ᠠ ᠵᠢ ᠲᠦ᠋ᠷᠭᠡᠳᠬᠡᠵᠤ᠂ ᠡᠷᠡᠭᠦᠯ ᠬᠠᠮᠠᠭᠠᠯᠠᠯ ᠤᠨ ᠴᠢ᠍ᠳ᠋ᠠᠪᠤᠷᠢ᠍ᠳ᠋ᠠᠨ ᠤ ᠪᠠᠳ᠋ᠣᠯᠠᠭ᠎ᠠ ᠵᠢ ᠳᠠᠰᠣᠷᠠᠯᠳ᠋ᠠ ᠦᠭᠡᠶ ᠴᠢ᠍ᠩᠭ᠋ᠠᠳᠬᠠᠬᠤ ᠬᠡᠷᠡᠭ᠍ᠳ᠋ᠠᠢ᠃ ᠳᠠᠪᠠᠭᠤᠯᠢ᠍ᠭ ᠶᠢᠡᠨ ᠪᠠᠳ᠋ᠠᠷᠠᠭᠤᠯᠣᠨ ᠳᠣᠳ᠋ᠠᠭᠳ᠋ᠠᠯ ᠶᠢᠡᠨ ᠨᠦ᠋ᠬᠦᠪᠦᠷᠢ᠍ᠯᠡᠬᠦ ᠶᠢᠨ ᠬᠠᠷᠢ᠍ᠯᠴᠠᠨ ᠣᠶᠠᠯᠳ᠋ᠣᠭᠤᠯᠬᠤ ᠵᠢ ᠪᠠᠷᠢ᠍ᠮᠳ᠋ᠠᠯᠠᠵᠤ᠂ ᠰᠢ᠍ᠯᠢ᠍ᠳ᠋ᠡᠭ᠌ ᠴᠢ᠍ᠳ᠋ᠠᠪᠤᠷᠢ᠍ᠳ᠋ᠠᠨ ᠢ ᠬᠦᠮᠦᠵᠢ᠍ᠭᠦᠯᠬᠦ ᠪᠤᠯᠤᠨ ᠳᠠᠲᠠᠨ ᠣᠷᠣᠭᠤᠯᠬᠤ ᠳᠣᠭᠳ᠋ᠠᠯᠴᠠᠭ᠎ᠠ ᠵᠢ ᠡᠭᠦᠳ᠋ᠦᠨ ᠪᠠᠢ᠌ᠭᠤᠯᠬᠤ ᠬᠡᠷᠡᠭ᠍ᠳ᠋ᠠᠢ ᠭᠡᠵᠠᠢ᠃
               ᠴᠧᠩ ᠾᠦ᠋ᠢ ᠮᠢ᠍ᠨ ᠴᠢ᠍ᠡᠭ᠍ᠭᠠᠳᠬᠠᠭᠰᠠᠨ ᠨᠢ᠂ ᠵᠠᠷᠣᠳ ᠬᠤᠰᠢ᠍ᠭᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠦᠢ᠍ᠯᠡᠰ ᠤᠨ ᠬᠦᠭ᠍ᠵᠢ᠍ᠯᠳ᠋ᠡ ᠳᠣᠮᠳ᠋ᠠᠬᠢ ᠳᠡᠡᠭ᠍ᠴᠡᠭᠦᠷᠢ ᠦᠭᠡᠶ ᠭᠦᠢ᠍ᠴᠡᠳ ᠪᠤᠰᠤ ᠠᠰᠠᠭᠤᠳ᠋ᠠᠯ ᠳᠤ ᠲᠦ᠋ᠪᠯᠡᠷᠡᠨ᠂ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠦᠢ᠍ᠯᠡᠴᠢ᠍ᠯᠡᠭᠡ ᠵᠢ ᠰᠢ᠍ᠯᠢ᠍ᠳ᠋ᠡᠭ᠍ᠵᠢ᠍ᠭᠦᠯᠬᠦ ᠢᠨᠵᠸᠨᠸᠷᠢ᠍ᠡᠭ᠌ ᠢ ᠲᠦ᠋ᠷᠭᠡᠳᠭᠡᠨ ᠬᠡᠷᠡᠭ᠍ᠵᠢ᠍ᠭᠦᠯᠵᠤ᠂ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠦᠢ᠍ᠯᠡᠴᠢ᠍ᠯᠡᠭᠡ ᠶᠢᠨ ᠴᠢ᠍ᠳ᠋ᠠᠪᠤᠷᠢ ᠪᠠᠨ ᠳᠠᠰᠣᠷᠠᠯᠳ᠋ᠠ ᠦᠭᠡᠶ ᠳᠡᠭᠡᠭ᠍ᠰᠢ᠍ᠯᠡᠬᠦᠯᠵᠤ᠂ ᠭᠤᠤᠯᠳ᠋ᠠᠯᠭ᠎ᠠ ᠲᠡᠶ ᠳᠦ᠋ᠷᠦᠯ ᠵᠦ᠋ᠢ᠍ᠯ ᠤᠨ ᠪᠦᠳ᠋ᠦᠭᠡᠨ ᠪᠠᠢ᠌ᠭᠤᠯᠣᠯᠳ᠋ᠠ᠂ ᠡᠮ ᠡᠮᠨᠡᠯᠭᠡ ᠶᠢᠨ ᠦᠭᠡᠷᠡᠴᠢ᠍ᠯᠡᠯᠳ᠋ᠡ ᠵᠢ ᠬᠦᠨᠵᠡᠭᠡᠢ᠌ᠷᠡᠭᠦᠯᠬᠦ᠂ ᠡᠮ ᠡᠮᠨᠡᠯᠭᠡ ᠶᠢᠨ ᠬᠢᠷᠢ ᠳᠦ᠋ᠪᠰᠢ᠍ᠨ ᠪᠤᠯᠤᠨ ᠡᠮ ᠡᠮᠨᠡᠯᠭᠡ ᠶᠢᠨ ᠮᠡᠷᠭᠡᠵᠢ᠍ᠯ ᠢ ᠳᠡᠭᠡᠭ᠍ᠰᠢ᠍ᠯᠡᠬᠦᠯᠬᠦ᠂ ᠣᠯᠠᠨ ᠨᠡᠢ᠌ᠳ᠋ᠡ ᠶᠢᠨ ᠡᠷᠡᠭᠦᠯ ᠬᠠᠮᠠᠭᠠᠯᠠᠯ ᠤᠨ ᠦᠨᠳ᠋ᠦᠰᠦᠨ ᠦᠢ᠍ᠯᠡᠴᠢ᠍ᠯᠡᠭᠡ ᠵᠢ ᠳᠦ᠋ᠯᠬᠢᠨ ᠠᠬᠢᠭᠤᠯᠬᠤ ᠵᠡᠷᠭᠡ ᠭᠤᠤᠯ ᠠᠵᠢ᠍ᠯ ᠳ᠋ᠥ ᠬᠦᠴᠦᠯᠡᠬᠦ ᠬᠡᠷᠡᠭ᠍ᠳ᠋ᠠᠢ᠃ ᠡᠷᠬᠡᠪᠰᠢ ᠠᠷᠠᠳ ᠳᠦ᠋ᠮᠡᠨ ᠤ ᠡᠷᠡᠭᠦᠯ ᠴᠢ᠍ᠬᠢᠷᠠᠭ ᠶᠢᠡᠷ ᠳᠦ᠋ᠪ ᠪᠤᠯᠭᠠᠨ᠂ ᠭᠤᠤᠯᠳ᠋ᠠᠯᠭ᠎ᠠ ᠲᠡᠶ ᠬᠦᠷᠢ᠍ᠶ᠎ᠠ ᠬᠡᠪᠴᠢ᠍ᠶ᠎ᠠ ᠶᠢᠨ ᠳᠣᠭᠤᠷᠢ᠍ᠨ ᠳ᠋ᠥ᠂ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠳᠦ᠋ᠷᠦ ᠶᠢᠨ ᠪᠤᠳ᠋ᠣᠯᠭ᠎ᠠ ᠵᠢ ᠣᠯᠠᠮ ᠨᠢ᠍ᠭᠡ ᠠᠯᠬᠤᠮ ᠳᠡᠭᠦᠯᠳ᠋ᠡᠷᠵᠢ᠍ᠭᠦᠯᠵᠤ᠂ ᠣᠯᠠᠨ ᠨᠡᠢ᠌ᠳ᠋ᠡ ᠶᠢᠨ ᠡᠷᠡᠭᠦᠯ ᠬᠠᠮᠠᠭᠠᠯᠠᠯ ᠤᠨ ᠦᠨᠳ᠋ᠦᠰᠦᠨ ᠦᠢ᠍ᠯᠡᠴᠢ᠍ᠯᠡᠭᠡ ᠵᠢ ᠳᠠᠰᠣᠷᠠᠯᠳ᠋ᠠ ᠦᠭᠡᠶ ᠳᠡᠭᠡᠭ᠍ᠰᠢ᠍ᠯᠡᠬᠦᠯᠦᠨ᠂ ᠦᠨᠳ᠋ᠦᠰᠦᠨ ᠱᠠᠳ᠋ᠣᠨ ᠤ ᠡᠮ ᠡᠮᠨᠡᠯᠭᠡ ᠶᠢᠨ ᠡᠷᠡᠭᠦᠯ ᠬᠠᠮᠠᠭᠠᠯᠠᠯ ᠤᠨ ᠰᠠᠭᠤᠷᠢ ᠵᠢ ᠪᠡᠬᠢᠵᠢ᠍ᠭᠦᠯᠵᠤ᠂ ᠠᠷᠠᠳ ᠣᠯᠠᠨ ᠤ ᠡᠪᠡᠳᠴᠢ᠍ᠨ ᠦᠵᠡᠬᠦᠯᠬᠦ ᠱᠠᠭᠠᠷᠳ᠋ᠠᠯᠭ᠎ᠠ ᠵᠢ ᠦᠨᠡᠨᠬᠦ ᠬᠠᠩᠭ᠋ᠠᠨ᠂ ᠰᠢ᠍ᠨ᠎ᠠ ᠴᠠᠭ ᠦᠶ᠎ᠠ ᠶᠢᠨ ᠠᠷᠠᠳ ᠳᠦ᠋ᠮᠡᠨ ᠤ ᠬᠠᠨᠤᠮᠵᠢ᠍ᠳ᠋ᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠦᠢ᠍ᠯᠡᠰ ᠢ ᠰᠠᠢ᠌ᠳ᠋ᠣᠷ ᠬᠢᠬᠦ ᠬᠡᠷᠡᠭ᠍ᠳ᠋ᠠᠢ ᠭᠡᠵᠠᠢ᠃
                ᠬᠤᠷᠠᠯ ᠳᠡᠭᠡᠷ᠎ᠠ᠂ ᠬᠣᠷᠠᠯ ᠳ᠋ᠥ ᠣᠷᠣᠯᠴᠠᠭᠰᠠᠳ ᠡᠴᠡ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠢ ᠣᠯᠠᠮ ᠨᠢ᠍ᠭᠡ ᠠᠯᠬᠤᠮ ᠰᠠᠢ᠌ᠳ᠋ᠣᠷ ᠬᠢᠬᠦ ᠳᠣᠬᠠᠢ ᠬᠦᠨᠵᠡᠭᠡᠢ ᠶᠠᠷᠢ᠍ᠯᠴᠠᠭ᠎ᠠ ᠦᠷᠨᠢᠭᠦᠯᠪᠡ᠃ (ᠳᠠᠯᠠᠢ)
 

ᠡᠮᠦᠨᠡᠬᠢ᠄ ᠪᠠᠶᠠᠨᠰᠠᠡᠭ᠌ ᠡᠴᠡ ᠪᠦᠬᠦ ᠬᠤᠰᠢ᠍ᠭᠤᠨ ᠤ ᠬᠠᠷ᠎ᠠ ᠪᠦᠯᠦᠭ᠍ᠳ᠋ᠡᠨ ᠬᠠᠷᠬᠢᠰ ᠬᠦᠴᠦᠨ ᠢ ᠠᠷᠢ᠍ᠯᠭᠠᠬᠤ ᠳᠣᠰᠬᠠᠢ ᠳᠡᠮᠡᠴᠡᠯ ᠤᠨ ᠠᠵᠢ᠍ᠯ ᠢ ᠪᠠᠢ᠌ᠴᠠᠭᠠᠨ ᠰᠣᠳ᠋ᠣᠯᠣᠭᠰᠠᠨ
ᠳᠠᠷᠠᠭᠠᠬᠢ᠄ ᠬᠤᠷᠴᠢᠨ ᠵᠡᠬᠦᠨ ᠭᠠᠷᠤᠨ ᠬᠤᠢᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠢ ᠵᠤᠬᠢᠶᠠᠨ ᠪᠠᠢᠭᠤᠯᠵᠤ ᠮᠠᠨ ᠤ ᠬᠤᠰᠢᠭᠤᠨ ᠳᠤ ᠢᠷᠡᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠵᠢᠯ ᠦᠷᠨᠢᠬᠦᠯᠦᠭᠰᠨᠨ ᠲᠤᠷᠰᠢᠯᠭ᠎ᠠ ᠶᠢ ᠰᠤᠷᠤᠯᠴᠠᠨ ᠰᠤᠯᠢᠯᠴᠠᠭᠰᠨᠨ ᠨᠢ