ᠬᠤᠳ᠋ᠠ ᠬᠤᠰᠢ᠍ᠭᠤ ᠬᠤᠶᠠᠷ ᠱᠠᠳ᠋ᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠤᠳ᠋ᠤᠷᠢ᠍ᠳ᠋ᠤᠯᠭ᠎ᠠ ᠪᠠᠶᠠᠨᠲᠠᠯ᠎ᠠ ᠰᠤᠮᠤ ᠳᠤ ᠬᠦᠷᠴᠤ ᠪᠠᠢ᠌ᠴᠠᠭᠠᠨ ᠰᠤᠳ᠋ᠤᠯᠤᠯᠳ᠋ᠡ ᠦᠷᠨᠢᠭᠦᠯᠦᠭ᠍ᠰᠡᠨ

ᠤᠢ᠌ᠷ᠎ᠠ ᠶᠢᠨ ᠡᠳ᠋ᠦᠷ᠂ ᠬᠤᠳ᠋ᠠ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠳᠡᠳ᠋ ᠡᠷᠬᠢᠯᠡᠭ᠍ᠴᠢ ᠼᠦ᠋ᠢ ᠶᠢ᠍ᠩ ᠶᠦ᠋ᠸᠸ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠡᠷᠬᠢᠯᠡᠭ᠍ᠴᠢ ᠪᠠᠶᠠᠨᠰᠠᠩ ᠨᠡᠷ ᠪᠠᠶᠠᠨᠲᠠᠯ᠎ᠠ ᠰᠤᠮᠤ ᠳᠤ ᠬᠦᠷᠴᠦ ᠠᠷᠠᠳ ᠤᠨ ᠲᠦ᠋ᠯᠦᠭᠡᠯᠡᠭ᠍ᠴᠢ᠍ᠳ ᠦᠨ ᠭᠡᠷ ᠪᠦᠯᠢ ᠪᠤᠯᠤᠨ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠢ ᠠᠷᠠᠳ ᠤᠨ ᠲᠦ᠋ᠯᠦᠭᠡᠯᠡᠭ᠍ᠴᠢ᠍ᠳ ᠡᠴᠡ ᠪᠢᠯᠸᠲ ᠦᠭ᠍ᠴᠦ ᠪᠠᠲᠤᠯᠠᠬᠤ ᠲᠦ᠋ᠷᠢ᠍ᠮ ᠦᠨ ᠠᠵᠢ᠍ᠯ ᠢ ᠪᠠᠢ᠌ᠴᠠᠭᠠᠨ ᠵᠢᠯᠤᠭᠤᠳᠪᠠ᠃
ᠼᠦ᠋ᠢ ᠶᠢ᠍ᠩ ᠶᠦ᠋ᠸᠸ ᠨᠡᠷ ᠪᠠᠶᠠᠨᠲᠠᠯ᠎ᠠ ᠰᠤᠮᠤ ᠶᠢᠨ ᠳ᠋ᠧ ᠹᠦ ᠲᠦ᠋ᠨ ᠲᠤᠰᠬᠤᠨ ᠳᠤ ᠬᠦᠷᠴᠦ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠦᠨ ᠪᠦᠲᠦᠭᠡᠨ ᠪᠠᠢ᠌ᠭᠤᠯᠤᠯᠳ᠋ᠡ ᠶᠢᠨ ᠪᠠᠢ᠌ᠳ᠋ᠠᠯ ᠢ ᠪᠤᠳ᠋ᠠᠳ᠋ᠠᠢ ᠭᠠᠵᠠᠷ ᠲᠤ ᠨᠢ ᠪᠠᠢ᠌ᠴᠠᠭᠠᠨ ᠦᠵᠡᠪᠡ᠃

ᠪᠤᠳ᠋ᠠᠳ᠋ᠠᠢ ᠭᠠᠵᠠᠷ ᠤᠨ ᠪᠠᠢ᠌ᠴᠠᠭᠠᠯᠳ᠋ᠡ ᠶᠢᠨ ᠳᠠᠷᠠᠭ᠎ᠠ᠂ ᠰᠠᠭᠤᠳ᠋ᠠᠯ ᠤᠨ ᠬᠤᠷᠠᠯ ᠬᠤᠷᠠᠯᠳ᠋ᠤᠭᠤᠯᠵᠤ᠂ ᠪᠠᠶᠠᠨᠳ᠋ᠠᠯ᠎ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠠᠵᠢ᠍ᠯ ᠤᠨ ᠪᠠᠢ᠌ᠳ᠋ᠠᠯ᠂ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠦᠨ ᠪᠠᠢ᠌ᠳ᠋ᠠᠯ ᠵᠢᠴᠢ ᠠᠷᠠᠳ ᠤᠨ ᠲᠦ᠋ᠯᠦᠭᠡᠯᠡᠭ᠍ᠴᠢ᠍ᠳ ᠦᠨ ᠭᠡᠷ ᠪᠦᠯᠢ ᠶᠢᠨ ᠬᠦᠳ᠋ᠡᠯᠭᠡᠭᠡᠨ ᠦᠷᠨᠢᠭᠦᠯᠦᠭ᠍ᠰᠡᠨ ᠪᠠᠢ᠌ᠳ᠋ᠠᠯ ᠵᠡᠷᠭᠡ ᠶᠢᠨ ᠲᠤᠭᠤᠷᠢ᠍ᠨ ᠳᠤ ᠰᠠᠭᠤᠯᠴᠡᠨ ᠶᠠᠷᠢ᠍ᠯᠴᠠᠪᠠ᠃ ᠼᠦ᠋ᠢ ᠶᠢ᠍ᠩ ᠶᠦ᠋ᠸᠸ ᠨᠡᠷ ᠪᠠᠶᠠᠨᠲᠠᠯ᠎ᠠ ᠰᠤᠮᠤ ᠶᠢᠨ ᠠᠷᠠᠳ ᠤᠨ ᠲᠦ᠋ᠯᠦᠭᠡᠯᠡᠭ᠍ᠴᠢ᠍ᠳ ᠦᠨ ᠶᠠᠭᠡ ᠬᠤᠷᠠᠯ ᠤᠨ ᠠᠵᠢ᠍ᠯ ᠢ ᠬᠦᠢ᠍ᠴᠡᠳ ᠨᠤᠳ᠋ᠠᠯᠠᠬᠤ ᠶᠢᠨ ᠬᠠᠮᠳ᠋ᠤ ᠵᠢᠭᠠᠵᠤ ᠭᠠᠷᠭᠠᠭᠰᠠᠨ ᠨᠢ ᠪᠠᠶᠠᠨᠳ᠋ᠠᠯ᠎ᠠ ᠰᠤᠮᠤ ᠡᠷᠬᠡᠪᠰᠢ ᠠᠷᠠᠳ ᠤᠨ ᠠᠮᠢ᠍ᠳ᠋ᠤᠷᠠᠯ ᠤᠨ ᠪᠤᠳ᠋ᠠᠳ᠋ᠤ ᠶᠠᠪᠤᠳ᠋ᠠᠯ ᠤᠨ ᠲᠦ᠋ᠷᠦᠯ ᠵᠦ᠋ᠢ᠍ᠯ ᠵᠢᠴᠢ ᠰᠤᠮᠤ ᠪᠠᠯᠭᠠᠰᠤ ᠶᠢᠨ ᠳᠡᠰ ᠦᠨ ᠠᠷᠠᠳ ᠤᠨ ᠲᠦ᠋ᠯᠦᠭᠡᠯᠡᠭ᠍ᠴᠢ᠍ᠳ ᠦᠨ ᠪᠤᠯᠪᠠᠰᠤᠷᠠᠯ ᠤᠨ ᠠᠵᠢ᠍ᠯ ᠢ ᠦᠷᠬᠦᠯᠵᠢ᠍ᠯᠡᠨ ᠰᠠᠢ᠌ᠳ᠋ᠤᠷ ᠬᠢᠵᠤ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠠᠵᠢ᠍ᠯ ᠤᠨ ᠬᠢᠷᠢ ᠲᠦ᠋ᠪᠰᠢ᠍ᠨ ᠢ ᠴᠢ᠍ᠷᠮᠠᠢ᠌ᠨ ᠳᠡᠭᠡᠭ᠍ᠰᠢ᠍ᠯᠡᠭᠦᠯᠦᠨ᠂ ᠠᠷᠠᠳ ᠤᠨ ᠲᠦ᠋ᠯᠦᠭᠡᠯᠡᠭ᠍ᠴᠢ᠍ᠳ ᠦᠨ ᠦᠢ᠍ᠯᠡᠳ᠋ᠦᠯ ᠢ ᠨᠡᠩ ᠰᠠᠢ᠌ᠳ᠋ᠦᠷ ᠪᠠᠳ᠋ᠠᠷᠠᠭᠤᠯᠬᠤ ᠬᠡᠷᠡᠭ᠍ᠲᠡᠢ ᠭᠡᠵᠡᠢ᠃ (ᠳᠠᠯᠠᠢ)