ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠷᠴᠢᠨ ᠵᠡᠬᠦᠨ ᠭᠠᠷᠤᠨ ᠬᠤᠢᠳᠤ ᠬᠤᠰᠢᠭᠤᠨ ᠤ᠁
ᠬᠤᠷᠴᠢᠨ ᠵᠡᠬᠦᠨ ᠭᠠᠷᠤᠨ ᠬᠤᠢᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠢ ᠵᠤᠬᠢᠶᠠᠨ ᠪᠠᠢᠭᠤᠯᠵᠤ ᠮᠠᠨ ᠤ ᠬᠤᠰᠢᠭᠤᠨ ᠳᠤ ᠢᠷᠡᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠵᠢᠯ ᠦᠷᠨᠢᠬᠦᠯᠦᠭᠰᠨᠨ ᠲᠤᠷᠰᠢᠯᠭ᠎ᠠ ᠶᠢ ᠰᠤᠷᠤᠯᠴᠠᠨ ᠰᠤᠯᠢᠯᠴᠠᠭᠰᠨᠨ ᠨᠢ


6 ᠰᠠᠷ᠎ᠠ ᠶᠢᠨ 3᠋ ᠤ ᠡᠳᠤᠷ᠂ ᠬᠤᠷᠴᠢᠨ ᠵᠡᠬᠦᠨ ᠭᠠᠷᠤᠨ ᠬᠤᠢᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠲᠠᠢ ᠬᠠᠷᠢᠯᠴᠠᠬᠤ ᠠᠵᠢᠯ ᠤᠨ ᠵᠦᠪᠯᠡᠯ ᠤᠨ ᠡᠷᠬᠢᠯᠡᠭᠴᠢ ᠲᠡᠭᠵᠢᠷᠡᠬᠦ᠂ ᠲᠠᠳ᠋ ᠡᠷᠬᠢᠯᠡᠭᠴᠢ ᠡᠤ ᠺᠸ ᠴᠦᠨ ᠨᠠᠷ 15 ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ ᠶᠢ ᠵᠤᠬᠢᠶᠠᠨ ᠪᠠᠢᠭᠤᠯᠵᠤ ᠮᠠᠨ ᠤ ᠬᠤᠰᠢᠭᠤᠨ ᠳᠤ ᠢᠷᠡᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠵᠢᠯ ᠦᠷᠨᠢᠬᠦᠯᠦᠭᠰᠨᠨ ᠲᠤᠷᠰᠢᠯᠭ᠎ᠠ ᠶᠢ ᠰᠤᠷᠤᠯᠴᠠᠨ ᠰᠤᠯᠢᠯᠴᠠᠭᠰᠨᠨ ᠪᠠᠢᠨ᠎ᠡ᠃ ᠲᠤᠰ ᠤᠳᠠᠭᠠᠨ ᠤ ᠲᠤᠷᠰᠢᠯᠭ᠎ᠠ ᠰᠤᠷᠤᠯᠴᠠᠨ ᠰᠤᠯᠢᠯᠴᠠᠭᠰᠨᠨ ᠬᠦᠳᠠᠯᠭᠡᠭᠡᠨ ᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠲᠠᠢ ᠬᠠᠷᠢᠯᠴᠠᠬᠤ ᠠᠵᠢᠯ ᠤᠨ ᠵᠦᠪᠯᠡᠯ ᠤᠨ ᠡᠷᠬᠢᠯᠡᠭᠴᠢ ᠮᠦᠩᠭᠡᠪᠠᠳᠤ ᠶᠢᠨ ᠪᠠᠷ᠎ᠠ ᠪᠤᠯᠤᠯᠭ᠎ᠠ  ᠪᠡᠷ ᠲᠤᠰᠪᠤᠷᠢ ᠯᠦᠪᠸᠢ ᠪᠠᠯᠭᠠᠰᠤ᠂ ᠪᠠᠶᠠᠷᠳᠤᠬᠤᠰᠢᠭᠤ ᠪᠠᠯᠭᠠᠰᠤ ᠵᠡᠷᠭᠡ ᠲᠤᠬᠠᠢ ᠶᠢᠨ ᠭᠠᠵᠠᠷ ᠲᠤ ᠦᠵᠡᠨ ᠰᠤᠷᠤᠯᠴᠠᠭᠰᠨᠨ ᠪᠠ ᠰᠠᠭᠤᠳᠠᠯ ᠤᠨ ᠬᠤᠷᠠᠯ ᠬᠤᠷᠠᠯᠳᠤᠬᠤ ᠭᠡᠯᠪᠡᠷᠢ ᠪᠡᠷ ᠲᠤᠷᠰᠢᠯᠭ᠎ᠠ ᠰᠤᠯᠢᠯᠴᠠᠪᠠ᠃ ᠲᠤᠰ ᠤᠳᠠᠭᠠᠨ ᠤ ᠲᠤᠷᠰᠢᠯᠭ᠎ᠠ ᠰᠤᠯᠢᠯᠴᠠᠬᠤ ᠬᠦᠳᠡᠯᠭᠡᠭᠡᠨ ᠨᠢ《 ᠲᠦᠯᠤᠭᠡᠯᠡᠭᠴᠢ ᠶᠢᠨ ᠭᠡᠷ ᠪᠦᠯᠢ》᠋ ᠶᠢᠨ ᠠᠵᠢᠯ ᠦᠷᠨᠢᠬᠦᠯᠦᠭᠰᠨᠨ ᠪᠠᠢᠳᠠᠯ ᠶᠢᠠᠷ ᠭᠤᠤᠯ ᠪᠤᠯᠭᠠᠬᠤ ᠶᠢᠨ ᠬᠠᠮᠳᠤ᠂ᠮᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠦᠬᠦ ᠲᠠᠯ᠎ᠠ ᠶᠢᠨ ᠠᠵᠢᠯ ᠦᠷᠨᠢᠬᠦᠯᠦᠭᠰᠨᠨ ᠪᠠᠢᠳᠠᠯ ᠢ ᠰᠤᠷᠤᠯᠴᠠᠭᠰᠠᠠ ᠪᠠᠢᠨ᠎ᠡ᠃

ᠲᠤᠬᠠᠢ ᠶᠢᠨ ᠭᠠᠵᠠᠷ ᠤᠨ ᠦᠵᠡᠬᠦᠯᠦᠯᠭᠡ ᠲᠠᠭᠤᠰᠤᠭᠰᠨᠨ ᠤ ᠲᠠᠷᠠᠭ᠎ᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠬᠠᠢᠯᠠᠭᠰᠨᠨ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠤᠨ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠲᠠᠢ ᠬᠠᠷᠢᠯᠴᠠᠬᠤ ᠠᠵᠢᠯ ᠤᠨ ᠵᠦᠪᠯᠡᠯ ᠤᠨ ᠡᠷᠬᠢᠯᠡᠭᠴᠢ ᠮᠦᠩᠭᠡᠪᠠᠳᠤ ᠬᠤᠷᠠᠯ ᠡᠷᠬᠢᠯᠡᠵᠤ᠂ ᠯᠦᠪᠸᠢ ᠪᠠᠯᠭᠠᠰᠤ ᠶᠢᠨ ᠲᠠᠷᠤᠭ᠎ᠠ ᠵᠠᠩ ᠯᠢ ᠬᠦᠸᠸ᠂ ᠪᠠᠶᠠᠷᠳᠤᠬᠤᠰᠢᠭᠤ ᠪᠠᠯᠭᠠᠰᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ ᠪᠦᠯᠬᠦᠮ ᠤᠨ ᠲᠠᠷᠢᠬᠦᠯᠡᠭᠴᠢ ᠮᠨ ᠲᠢᠶᠸ ᠴᠢᠤᠸᠠᠨ ᠡᠴᠨ《 ᠲᠦᠯᠤᠭᠡᠯᠡᠭᠴᠢ ᠶᠢᠨ ᠭᠡᠷ ᠪᠦᠯᠢ》᠋ ᠨᠢ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠲᠤᠮᠳᠠᠬᠢ ᠲᠦᠯᠤᠭᠡᠯᠡᠭᠴᠢᠳ ᠰᠤᠷᠤᠯᠴᠠᠬᠤ᠂ᠰᠤᠩᠭᠤᠭᠤᠯᠢ ᠶᠢᠨ ᠠᠷᠠᠳ ᠲᠠᠢ ᠬᠠᠷᠢᠯᠴᠠᠬᠤ᠂ ᠬᠦᠳᠡᠯᠭᠡᠭᠡᠨ ᠦᠷᠨᠢᠬᠦᠯᠬᠦ᠂ ᠲᠦᠯᠤᠭᠡᠯᠡᠭᠴᠢ ᠲᠤᠰᠢᠶᠠᠯ ᠲᠤᠭᠠᠴᠢᠯᠳᠠ ᠬᠢᠬᠦ᠂ ᠲᠦᠯᠤᠭᠡᠯᠡᠭᠴᠢᠳ ᠲᠤᠭᠤᠷᠢᠨ ᠪᠠᠢᠴᠠᠭᠠᠯᠳᠠ ᠬᠢᠬᠦ ᠵᠡᠷᠭᠡ ᠡᠬᠦᠷᠭᠡ ᠲᠤᠰᠢᠶᠠᠯ ᠶᠢᠠᠨ ᠬᠦᠢᠴᠡᠳᠭᠡᠬᠦ ᠳᠤ ᠦᠵᠡᠬᠦᠯᠵᠤ ᠪᠠᠢᠭ᠎ᠠ ᠬᠦᠨᠳᠤ ᠴᠢᠬᠤᠯᠨ ᠤᠢᠯᠡᠳᠤᠯ ᠢ ᠨᠠᠷᠢᠨ ᠨᠢᠭᠳᠠ ᠲᠠᠢᠯᠪᠤᠷᠢᠯᠠᠭᠰᠨᠨ ᠪᠠᠢᠨ᠎ᠡ᠃


ᠬᠤᠷᠠᠯ ᠲᠠᠭᠡᠷ᠎ᠠ᠂ ᠬᠤᠷᠴᠢᠨ ᠵᠡᠬᠦᠨ ᠭᠠᠷᠤᠨ ᠬᠤᠢᠳᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠴᠨ ᠲᠤᠬᠠᠢ ᠶᠢᠨ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠦᠷᠨᠢᠬᠦᠯᠦᠭᠰᠨᠨ ᠪᠠᠢᠳᠠᠯ ᠪᠤᠯᠤᠨ ᠠᠮᠵᠢᠯᠳᠠ ᠲᠠᠢ ᠲᠤᠷᠰᠢᠯᠭ᠎ᠠ ᠪᠠᠨ ᠲᠠᠨᠢᠯᠴᠠᠭᠤᠯᠪᠠ᠃ ᠲᠤᠰ ᠤᠳᠠᠭᠠᠨ ᠤ ᠲᠤᠷᠰᠢᠯᠭ᠎ᠠ ᠪᠠᠨ ᠰᠤᠯᠢᠯᠴᠠᠭᠰᠨᠨ ᠬᠦᠳᠡᠯᠭᠡᠭᠡᠨ ᠨᠢ ᠵᠦᠪᠭᠡᠨ ᠬᠤᠶᠠᠷ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠨᠳᠤᠷ ᠦᠷ᠎ᠠ ᠪᠦᠳᠤᠮᠵᠢᠳᠠᠢ ᠠᠵᠢᠯ ᠤᠨ ᠲᠤᠷᠰᠢᠯᠭ᠎ᠠ ᠪᠠᠨ ᠰᠤᠯᠢᠯᠴᠠᠭᠰᠨᠨ ᠶᠠᠪᠤᠳᠠᠯ ᠪᠢᠰᠢ᠂ ᠬᠠᠷᠢᠨ ᠬᠠᠮᠳᠤ ᠳᠤᠨᠢ ᠬᠤᠶᠠᠷ ᠬᠤᠰᠢᠭᠤᠨ ᠤ ᠬᠤᠢᠰᠢᠳᠠ ᠶᠢᠨ ᠠᠵᠢᠯ ᠦᠷᠨᠢᠬᠦᠯᠬᠦ ᠰᠡᠳᠬᠢᠴᠨ ᠶᠢ ᠦᠷᠭᠡᠳᠭᠡᠵᠤ᠂《 ᠲᠦᠯᠤᠭᠡᠯᠡᠭᠴᠢ ᠶᠢᠨ ᠭᠡᠷ ᠪᠦᠯᠢ》᠋ ᠶᠢᠨ ᠠᠵᠢᠯ ᠤᠨ ᠲᠦᠷᠭᠡᠨ᠂ ᠡᠷᠡᠬᠦᠯ ᠶᠢᠠᠷ ᠬᠦᠭᠵᠢᠬᠦ ᠳᠤ ᠢᠳᠡᠪᠬᠢᠳᠠᠢ ᠲᠦᠯᠬᠢᠴᠨ ᠤᠢᠯᠡᠳᠤᠯ ᠦᠵᠡᠬᠦᠯᠦᠭᠰᠨᠨ ᠪᠠᠢᠨ᠎ᠡ᠃

 

 

 

ᠡᠮᠦᠨᠡᠬᠢ᠄ ᠬᠤᠳ᠋ᠠ ᠶᠢᠨ ᠠᠷᠠᠳ ᠤᠨ ᠳᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠦᠨᠡᠯᠡᠨ ᠪᠠᠢ᠌ᠴᠠᠭᠠᠨ ᠰᠤᠳ᠋ᠤᠯᠬᠤ ᠳᠣᠭᠤᠢ᠌ᠯᠠᠡᠭ᠌ ᠮᠠᠨ ᠤ ᠬᠣᠰᠢ᠍ᠭᠤᠨ ᠳ᠋ᠥ ᠢᠷᠡᠵᠤ ᠡᠷᠡᠭᠦᠯ ᠬᠠᠮᠠᠭᠠᠯᠠᠯ ᠡᠷᠡᠭᠦᠯ ᠴᠢ᠍ᠬᠢᠷᠠᠭ ᠤᠨ ᠠᠵᠢ᠍ᠯ ᠢ ᠪᠠᠢ᠌ᠴᠠᠭᠠᠨ ᠰᠣᠳ᠋ᠣᠯᠣᠭᠰᠠᠨ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠬᠦᠷᠴᠤ ᠪᠠᠢᠴᠠᠭᠠᠨ ᠰᠤᠳᠤᠯᠤᠯᠳᠠ ᠬᠢᠭᠰᠡᠡ ᠨᠢ