ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠡᠴᠨ ᠵᠤᠬᠢᠶᠠᠨ ᠪᠠᠢᠭᠤᠯᠵᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠮᠡᠳᠡᠯᠭᠡ ᠶᠢᠨ ᠰᠤᠷᠢᠯᠳᠠ ᠶᠠᠪᠤᠭᠤᠯᠤᠭᠰᠨᠨ ᠨᠢ


6 ᠰᠠᠷ᠎ᠠ ᠶᠢᠨ5᠋ ᠤ ᠡᠳᠤᠷ ᠤᠨ ᠦᠳᠡ ᠶᠢᠨ ᠬᠤᠢᠨ᠎ᠡ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠬᠠᠭᠠᠰ ᠡᠳᠤᠷ ᠤᠨ ᠴᠠᠭ ᠢ ᠭᠡᠷᠡᠭᠰᠡᠨ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠮᠡᠳᠡᠯᠭᠡ ᠶᠢᠨ ᠰᠤᠷᠢᠯᠳᠠ ᠶᠠᠪᠤᠭᠤᠯᠤᠭᠰᠨᠨ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ᠂ ᠪᠦ᠋ ᠮᠤᠤ ᠰᠢᠶᠠᠩ᠂ᠦᠷᠡᠪᠠᠳᠤ᠂ ᠰᠦᠩ ᠯᠢᠶᠠᠨ ᠡᠾᠦ᠋ᠢ ᠰᠤᠷᠢᠯᠳᠠ ᠳᠤ ᠤᠷᠤᠯᠴᠠᠪᠠ᠃


  ᠲᠤᠰ ᠰᠤᠷᠢᠯᠳᠠ ᠨᠢ ᠨᠤᠮ ᠦᠵᠡᠬᠦ ᠦᠭᠡᠢ ᠭᠡᠯᠪᠡᠷᠢ ᠪᠡᠷ ᠶᠠᠪᠤᠭᠳᠠᠵᠤ᠂ ᠺᠠᠳ᠋ᠷ ᠠᠵᠢᠯᠳᠠᠨ ᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠬᠠᠮᠢᠶ᠎ᠠ ᠪᠦᠬᠦᠢ ᠦᠨᠳᠤᠰᠤᠨ ᠮᠡᠳᠡᠯᠭᠡ ᠶᠢᠨ ᠤᠢᠯᠠᠭᠠᠯᠳᠠ ᠪᠤᠯᠤᠨ ᠡᠵᠡᠮᠰᠢᠭᠰᠡᠡ  ᠪᠠᠢᠳᠠᠯ ᠢ ᠭᠤᠤᠯᠳᠠᠯᠭ᠎ᠠ ᠲᠠᠢ ᠰᠢᠯᠭᠠᠨ ᠪᠠᠢᠴᠠᠭᠠᠭᠰᠨᠨ ᠪᠠᠢᠨ᠎ᠡ᠃

  


  

 ᠲᠤᠰ ᠰᠤᠷᠢᠯᠳᠠ ᠪᠡᠷ ᠲᠠᠮᠵᠢᠨ᠂ ᠪᠦᠬᠦ ᠺᠠᠳ᠋ᠷ ᠠᠵᠢᠯᠳᠠᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠴᠢᠬᠤᠯᠨ ᠠᠴᠢ ᠬᠤᠯᠪᠤᠭᠳᠠᠯ ᠢ ᠨᠡᠩ ᠬᠦᠨᠵᠡᠭᠡᠢ ᠲᠠᠨᠢᠭᠰᠠᠨ ᠪᠠ ᠨᠠᠮ ᠤᠨ ᠭᠡᠰᠢᠬᠦᠨ ᠺᠠᠳ᠋ᠷ ᠲᠤ ᠡᠨᠡᠬᠦ ᠲᠤᠰᠬᠠᠢ ᠲᠠᠮᠡᠴᠡᠯ ᠤᠨ ᠴᠢᠬᠤᠯᠨ ᠴᠢᠨᠠᠷ ᠢ ᠬᠦᠢᠴᠡᠳ ᠲᠠᠨᠢᠭᠤᠯᠤᠨ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠤᠨ ᠭᠤᠤᠯᠳᠠᠯᠭ᠎ᠠ ᠶᠢ ᠤᠨᠤᠪᠴᠢᠳᠠᠢ ᠡᠵᠡᠮᠰᠢᠬᠦᠯᠵᠤ᠂ ᠲᠤᠰᠬᠠᠢ ᠲᠠᠮᠡᠴᠡᠯ ᠳᠤ ᠤᠷᠤᠯᠴᠠᠬᠤ ᠢᠳᠡᠪᠬᠢ ᠴᠢᠨᠠᠷ ᠪᠠ ᠤᠬᠠᠮᠰᠠᠷᠳᠤ ᠴᠢᠨᠠᠷ ᠢ ᠲᠠᠰᠤᠷᠠᠯᠳᠠ ᠦᠭᠡᠢ ᠨᠡᠮᠡᠭᠳᠡᠬᠦᠯᠤᠨ᠂ ᠲᠤᠰ ᠠᠵᠢᠯ ᠢ ᠲᠦᠯᠬᠢᠨ ᠠᠬᠢᠭᠤᠯᠬᠤ ᠳᠤ ᠤᠨᠤᠯ ᠤᠨ ᠰᠠᠭᠤᠷᠢ ᠶᠢ ᠲᠠᠯᠪᠢᠪᠡ᠃

 ᠺᠠᠳ᠋ᠷ ᠠᠵᠢᠯᠳᠠᠨ ᠡᠴᠨ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠲᠤᠮᠳᠠ ᠬᠤᠪᠢ ᠬᠦᠮᠤᠨ ᠤ ᠤᠯᠤᠰ ᠲᠦᠷᠤ ᠶᠢᠨ ᠵᠤᠭᠰᠤᠴᠨ ᠪᠠᠨ ᠲᠠᠰᠤᠷᠠᠯᠳᠠ ᠦᠭᠡᠢ ᠲᠠᠭᠡᠭᠰᠢᠯᠡᠬᠦᠯᠵᠤ᠂ ᠡᠬᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠤᠨ᠂ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠤᠨ ᠪᠠᠬᠢᠯᠡᠯᠳᠠ ᠰᠢᠪᠳᠤᠯᠬᠤ᠂ ᠬᠠᠷᠭᠢᠰ ᠢ ᠠᠷᠢᠯᠭᠠᠬᠤ᠂ ᠠᠮᠵᠢᠯᠳᠠ ᠤᠯᠬᠤ ᠶᠢ ᠪᠠᠳᠤᠯᠠᠵᠤ᠂ ᠵᠠᠷᠤᠤᠨ ᠬᠤᠰᠢᠭᠤᠨ ᠤ ᠬᠠᠷ᠎ᠠ ᠪᠦᠯᠦᠭᠳᠡᠨ ᠬᠠᠷᠬᠢᠰ ᠬᠦᠴᠤᠨ ᠢ ᠠᠷᠢᠯᠭᠠᠬᠤ ᠲᠤᠰᠬᠠᠢ ᠲᠠᠮᠡᠴᠡᠯ ᠤᠨ ᠠᠵᠢᠯ ᠳᠤ ᠢᠳᠡᠪᠬᠢᠳᠠᠢ ᠬᠤᠪᠢ ᠨᠡᠮᠡᠷᠢ ᠦᠵᠡᠬᠦᠯᠤᠨ᠎ᠡ ᠭᠡᠵᠤ ᠲᠤᠰ ᠲᠤᠰ ᠢᠯᠡᠷᠭᠡᠢᠯᠡᠵᠡᠭᠡᠪᠡ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠬᠦᠷᠴᠤ ᠪᠠᠢᠴᠠᠭᠠᠨ ᠰᠤᠳᠤᠯᠤᠯᠳᠠ ᠬᠢᠭᠰᠡᠡ ᠨᠢ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠶᠠᠩ ᡁᠢ ᠶᠤᠸᠠᠨ ᠪᠠᠶᠠᠨᠳᠠᠯ᠎ᠠ ᠰᠤᠮᠤ ᠳᠤ ᠬᠦᠷᠴᠤ ᠠᠵᠢᠯ ᠪᠠᠢᠴᠠᠭᠠᠨ ᠰᠤᠳᠤᠯᠵᠤ ᠵᠢᠯᠤᠭᠤᠳᠤᠭᠰᠨᠨ ᠨᠢ