ᠦᠨᠡᠭᠡᠴᠢ ᠰᠤᠮᠤ ᠶᠢᠨ ᠠᠷᠠᠳ ᠤᠨ ᠲᠦᠯᠤᠭᠡᠯᠡᠭᠴᠢᠳ ᠲᠠᠮᠤᠷ ᠵᠠᠮ ᠲᠠᠭᠠᠤ ᠠᠮᠤᠷ ᠲᠦᠪᠰᠢᠨ ᠤ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠦᠭᠰᠨᠨ ᠨᠢ
ᠲᠠᠮᠤᠷ ᠵᠠᠮ ᠲᠠᠭᠠᠵᠤ ᠰᠠᠭᠤᠭ᠎ᠠ ᠤᠯᠨᠨ ᠲᠦᠮᠨᠨ ᠤ ᠠᠮᠤᠷ ᠲᠦᠪᠰᠢᠨ ᠤ ᠤᠬᠠᠮᠰᠠᠷ ᠢ ᠲᠠᠭᠡᠭᠰᠢᠯᠡᠬᠦᠯᠬᠦ ᠶᠢᠨ ᠲᠦᠯᠤᠭᠡ᠂5 ᠰᠠᠷ᠎ᠠ ᠶᠢᠨ 24᠋ ᠤ ᠡᠳᠤᠷ᠂ ᠦᠨᠡᠭᠡᠴᠢ ᠰᠤᠮᠤ ᠶᠢᠨ ᠠᠷᠠᠳ ᠤᠨ ᠲᠦᠯᠤᠭᠡᠯᠡᠭᠴᠢᠳ ᠲᠠᠮᠤᠷ ᠵᠠᠮ ᠲᠠᠭᠠᠤ ᠠᠮᠤᠷ ᠲᠦᠪᠰᠢᠨ ᠤ ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠪᠡ᠃
ᠬᠦᠳᠡᠯᠭᠡᠭᠡᠨ ᠲᠤᠮᠳᠠ᠂ ᠠᠷᠠᠳ ᠤᠨ ᠲᠦᠯᠤᠭᠡᠯᠡᠭᠴᠢᠳ ᠦᠨᠡᠭᠡᠴᠢ ᠰᠤᠷᠭᠠᠭᠤᠯᠢ ᠳᠤ ᠬᠦᠷᠴᠤ᠂ ᠭᠡᠷ ᠤᠨ ᠠᠬᠠᠮᠠᠳ ᠤᠨ ᠬᠤᠷᠠᠯ᠂ ᠰᠤᠷᠭᠠᠭᠤᠯᠢ ᠶᠢᠨ ᠬᠢᠴᠢᠶᠠᠯ ᠤᠨ ᠵᠠᠪᠰᠠᠷᠯᠠᠭ᠎ᠠ ᠶᠢᠨ ᠲᠠᠮᠢᠷ ᠵᠡᠷᠭᠡ ᠬᠦᠳᠡᠯᠭᠡᠭᠡᠨ ᠢ ᠠᠰᠢᠭᠯᠠᠨ᠂ ᠰᠤᠷᠤᠭᠴᠢ ᠪᠤᠯᠤᠨ ᠭᠡᠷ ᠤᠨ ᠠᠬᠠᠮᠠᠳ ᠲᠤ《 ᠪᠦᠬᠦ ᠬᠤᠰᠢᠭᠤᠨ ᠤ ᠲᠠᠮᠤᠷ ᠵᠠᠮ ᠲᠠᠭᠠᠤ ᠤᠯᠠᠠ ᠲᠦᠮᠨᠨ ᠳᠤ ᠢᠯᠡᠭᠡᠭᠰᠡᠡ ᠨᠢᠭᠡ ᠬᠠᠭᠤᠳᠠᠰᠤ ᠵᠠᠬᠢᠳᠠᠯ》《 ᠲᠠᠮᠤᠷ ᠵᠠᠮ ᠤᠨ ᠬᠠᠤᠯᠢ》《 ᠲᠠᠮᠤᠷ ᠵᠠᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ》ᠵᠡᠷᠭᠡ ᠲᠠᠮᠤᠷ ᠵᠠᠮ ᠤᠨ ᠲᠤᠬᠠᠢ ᠬᠠᠤᠯᠢ ᠴᠠᠭᠠᠵᠨ ᠬᠠᠤᠯᠢ ᠲᠦᠷᠢᠮ ᠢ ᠲᠠᠷᠬᠠᠭᠠᠬᠤ ᠶᠢᠨ ᠬᠠᠮᠳᠤ᠂ ᠲᠤᠬᠠᠢ ᠶᠢᠨ ᠲᠠᠯᠠᠪᠤᠷ ᠲᠤ ᠠᠮᠤᠷ ᠲᠦᠪᠰᠢᠨ ᠤ ᠮᠡᠳᠡᠯᠭᠡ ᠵᠢ ᠲᠠᠢᠯᠪᠤᠷᠢᠯᠠᠵᠤ᠂ ᠤᠬᠠᠭᠤᠯᠭ᠎ᠠ ᠶᠢᠨ ᠬᠦᠨᠳᠡᠯᠡᠨ ᠪᠢᠴᠢᠭᠡᠰᠤ ᠶᠢ ᠡᠯᠬᠦᠨ᠂ ᠲᠠᠮᠤᠷ ᠵᠠᠮ ᠲᠠᠭᠠᠤ ᠶᠢᠨ ᠰᠠᠭᠤᠭᠠᠯᠢ ᠠᠷᠠᠳ ᠪᠤᠯᠤᠨ ᠰᠤᠷᠤᠭᠴᠢᠳ ᠤᠨ ᠲᠠᠮᠤᠷ ᠵᠠᠮ ᠢ ᠬᠠᠢᠷᠠᠯᠠᠨ ᠬᠠᠮᠠᠭᠠᠯᠠᠬᠤ ᠦᠵᠡᠯ ᠤᠬᠠᠮᠰᠠᠷ ᠢ ᠦᠨᠡᠨᠬᠦ ᠴᠢᠩᠭᠠᠳᠬᠠᠵᠤ᠂ ᠠᠮᠤᠷ ᠲᠦᠪᠰᠢᠨ ᠤᠷᠴᠢᠨ ᠲᠤᠭᠤᠷᠢᠨ ᠢ ᠴᠢᠩᠭᠠᠷᠠᠭᠤᠯᠤᠨ᠂《 ᠲᠠᠮᠤᠷ ᠵᠠᠮ ᠢ ᠬᠠᠢᠷᠠᠯᠠᠨ ᠬᠠᠮᠠᠭᠠᠯᠠᠬᠤ᠂ ᠬᠠᠤᠯᠢ ᠲᠦᠷᠢᠮ ᠢ ᠵᠢᠷᠤᠮᠯᠠᠨ ᠰᠠᠬᠢᠬᠤ》ᠰᠠᠢᠨ ᠰᠠᠢᠬᠠᠨ ᠤᠷᠴᠢᠨ ᠠᠬᠤᠢ ᠶᠢ ᠪᠤᠢ ᠪᠤᠯᠭᠠᠭᠰᠨᠨ ᠪᠠᠢᠨ᠎ᠡ᠃
ᠬᠠᠮᠳᠤ ᠳᠤᠨᠢ᠂ᠲᠦᠯᠤᠭᠡᠯᠡᠭᠴᠢᠳ ᠡᠴᠨ ᠲᠠᠮᠤᠷ ᠵᠠᠮ ᠲᠠᠭᠠᠤ ᠳᠡᠬᠢ ᠭᠠᠴᠠᠭ᠎ᠠ ᠲᠤᠰᠬᠤᠨ ᠵᠢᠴᠢ ᠮᠠᠯ ᠤᠨ ᠲᠤᠪᠤ ᠳᠤ ᠬᠦᠨᠵᠡᠭᠡᠢᠷᠡᠨ᠂ ᠮᠠᠯᠴᠢᠳ ᠲᠤ ᠠᠮᠤᠷ ᠲᠦᠪᠰᠢᠨ ᠤ ᠮᠡᠳᠡᠯᠭᠡ ᠶᠢ ᠤᠬᠠᠭᠤᠯᠤᠨ ᠲᠠᠢᠯᠪᠤᠷᠢᠯᠡᠵᠤ᠂ ᠲᠦᠷᠢᠮ ᠲᠤᠭᠳᠠᠭᠠᠯ ᠢ ᠵᠢᠷᠤᠮᠯᠠᠬᠤ ᠦᠭᠡᠢ ᠡᠴᠨ ᠪᠤᠯᠤᠭᠰᠨᠨ ᠬᠤᠤᠷ ᠬᠦᠨᠤᠭᠡᠯ ᠢ ᠨᠠᠷᠢᠨ ᠨᠢᠭᠳᠠ ᠶᠠᠷᠢᠵᠤ ᠦᠭᠬᠦᠨ᠂《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠲᠠᠮᠤᠷ ᠵᠠᠮ ᠤᠨ ᠬᠠᠤᠯᠢ》᠋ ᠶᠢ ᠴᠢᠩᠭ᠎ᠠ ᠰᠠᠬᠢᠬᠤ ᠲᠤᠬᠠᠢ ᠵᠢᠭᠠᠨ ᠵᠢᠯᠤᠭᠤᠳᠤᠭᠰᠨᠨ ᠪᠠᠢᠨ᠎ᠡ᠃ ᠲᠤᠰ ᠤᠳᠠᠭᠠᠨ ᠤ ᠬᠦᠳᠡᠯᠭᠡᠭᠡᠨ ᠳᠤ᠂ ᠦᠨᠡᠭᠡᠴᠢ ᠰᠤᠮᠤ ᠶᠢᠨ ᠠᠷᠠᠳ ᠤᠨ ᠲᠦᠯᠤᠭᠡᠯᠡᠭᠴᠢᠳ᠂ ᠰᠠᠢᠨ ᠲᠤᠷ᠎ᠠ ᠶᠢᠨ ᠵᠠᠯᠠᠭᠤᠴᠤᠤᠨ ᠵᠡᠷᠭᠡ10 ᠢᠯᠡᠬᠦᠤ ᠬᠦᠮᠤᠰ ᠤᠷᠤᠯᠴᠠᠵᠤ᠂ ᠡᠯ᠎ᠠ ᠵᠤᠢᠯ ᠤᠨ ᠤᠬᠠᠭᠤᠯᠭ᠎ᠠ ᠶᠢᠨ ᠮᠠᠲ᠋ᠸᠷᠢᠶᠠᠯ ᠢ 400 ᠢᠯᠡᠬᠦᠤ ᠬᠠᠭᠤᠳᠠᠰᠤ ᠲᠠᠷᠬᠠᠭᠠᠪᠠ᠃