ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠶᠠᠩ ᡁᠢ ᠶᠤᠸᠠᠨ ᠪᠠᠶᠠᠨᠳᠠᠯ᠎ᠠ ᠰᠤᠮᠤ ᠳᠤ ᠬᠦᠷᠴᠤ ᠠᠵᠢᠯ ᠪᠠᠢᠴᠠᠭᠠᠨ ᠰᠤᠳᠤᠯᠵᠤ ᠵᠢᠯᠤᠭᠤᠳᠤᠭᠰᠨᠨ ᠨᠢ
6 ᠰᠠᠷ᠎ᠠ ᠶᠢᠨ 13᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠶᠠᠩ ᡁᠢ ᠶᠤᠸᠠᠨ ᠪᠠᠶᠠᠨᠳᠠᠯ᠎ᠠ ᠰᠤᠮᠤ ᠳᠤ ᠬᠦᠨᠵᠡᠭᠡᠢᠷᠡᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠳᠤ ᠪᠠᠢᠴᠠᠭᠠᠨ ᠰᠤᠳᠤᠯᠤᠯᠳᠠ ᠬᠢᠭᠰᠡᠡ ᠪᠠᠢᠨ᠎ᠡ᠃


ᠡᠷᠬᠢᠯᠡᠭᠴᠢ ᠯᠢᠶᠠᠩ ᡁᠢ ᠶᠤᠸᠠᠨ ᠬᠤᠰᠢᠭᠤᠨ ᠤ ᠠᠷᠠᠳ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠤᠨ ᠪᠠᠷ᠎ᠠ ᠪᠤᠯᠤᠯᠭ᠎ᠠ ᠪᠡᠷ ᠪᠠᠶᠠᠨᠳᠠᠯ᠎ᠠ ᠰᠤᠮᠤ ᠶᠢᠨ ᠳ᠋ᠸ ᠹᠦ᠋ ᠲᠦᠨ ᠲᠤᠰᠬᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠤᠨ ᠪᠤᠳᠠᠳᠠᠢ ᠭᠠᠵᠠᠷ ᠲᠤ ᠪᠠᠢᠴᠠᠭᠠᠠ ᠦᠵᠡᠵᠤ᠂ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠤᠨ ᠠᠬᠢᠴᠨ ᠶᠢᠨ ᠪᠠᠢᠳᠠᠯ ᠢ ᠨᠠᠷᠢᠨ ᠨᠢᠭᠳᠠ ᠤᠢᠯᠠᠭᠠᠵᠤ᠂ ᠪᠠᠶᠠᠨᠳᠠᠯ᠎ᠠ ᠰᠤᠮᠤ ᠶᠢᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠤᠨ ᠪᠦᠳᠤᠭᠡᠨ ᠪᠠᠢᠭᠤᠯᠤᠯᠳᠠ ᠶᠢᠨ ᠠᠵᠢᠯ ᠳᠤ ᠴᠢᠭᠯᠡᠯ ᠢ ᠵᠢᠭᠠᠵᠤ ᠦᠭᠪᠡ᠃ ᠯᠢᠶᠠᠩ ᡁᠢ ᠶᠤᠸᠠᠨ ᠡᠷᠬᠢᠯᠡᠭᠴᠢ ᠡᠴᠨ ᠪᠠᠶᠠᠨᠳᠠᠯ᠎ᠠ ᠰᠤᠮᠤ ᠶᠢᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠤᠨ ᠲᠦᠯᠬᠢᠨ ᠠᠬᠢᠭᠤᠯᠬᠤ ᠠᠵᠢᠯ ᠢ ᠬᠦᠢᠴᠡᠳ ᠦᠨᠡᠯᠡᠬᠦ ᠶᠢᠨ ᠬᠠᠮᠳᠤ᠂ ᠲᠤᠷᠰᠢᠯᠭ᠎ᠠ ᠠᠷᠭ᠎ᠠ ᠠᠪᠴᠠᠯ ᠶᠢᠨ ᠰᠠᠢᠳᠤᠷ ᠳᠦ᠋ᠩᠨᠡᠵᠤ᠂ ᠲᠠᠷᠠᠭᠠᠴᠢ ᠶᠢᠨ ᠠᠯᠬᠤᠮ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠤᠯ ᠵᠦᠢᠯ ᠢ ᠪᠦᠬᠦ ᠲᠠᠯ᠎ᠠ ᠪᠡᠷ ᠲᠦᠯᠬᠢᠨ ᠠᠬᠢᠭᠤᠯᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠤ ᠱᠠᠭᠠᠷᠳᠠᠪᠠ᠃