ᠤᠳᠤ ᠶᠢᠨ ᠪᠠᠢ᠌ᠷᠢ᠄ ᠴᠢᠬᠤᠯᠠ ᠮᠡᠳᠡᠭᠡ → ᠭᠡᠰᠢᠭᠳᠡᠨ ᠬᠤᠰᠢᠭᠤᠨ ᠤ ᠲᠤᠭᠤᠷᠢᠨ ᠪᠠᠢᠴᠠᠭᠠᠬᠤ᠁
ᠭᠡᠰᠢᠭᠳᠡᠨ ᠬᠤᠰᠢᠭᠤᠨ ᠤ ᠲᠤᠭᠤᠷᠢᠨ ᠪᠠᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠪᠠᠢᠴᠠᠭᠠᠨ ᠦᠵᠡᠭᠰᠡᠡ ᠨᠢ


 6 ᠰᠠᠷ᠎ᠠ ᠶᠢᠨ18᠋ ᠤ ᠡᠳᠤᠷ᠂ ᠤᠯᠠᠭᠠᠨᠬᠠᠳᠠᠬᠤᠳᠠ ᠶᠢᠨ ᠭᠡᠰᠢᠭᠳᠡᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠤᠶᠠᠨᠳᠤ᠂ ᠲᠠᠳ᠋ ᠡᠷᠬᠢᠯᠡᠭᠴᠢ ᠶᠤᠸᠠᠨ ᠬᠤᠩ ᠱᠸᠤ᠂ ᠲᠠᠳ᠋ ᠬᠤᠰᠢᠭᠤᠨ ᠲᠠᠷᠤᠭ᠎ᠠ ᠰᠦᠩ ᠳᠠ ᠹᠦ᠋ ᠭᠡᠰᠢᠭᠳᠡᠨ ᠬᠤᠰᠢᠭᠤᠨ ᠤ ᠲᠤᠭᠤᠷᠢᠨ ᠪᠠᠢᠴᠠᠭᠠᠬᠤ ᠪᠦᠯᠬᠦᠮ ᠶᠢᠠᠨ ᠲᠠᠭᠠᠭᠤᠯᠤᠨ ᠮᠠᠨ ᠤ ᠬᠤᠰᠢᠭᠤᠨ ᠳᠤ ᠢᠷᠡᠵᠤ᠂ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠪᠠᠢᠴᠠᠭᠠᠨ ᠦᠵᠡᠭᠰᠡᠨ ᠪᠠᠢᠨ᠎ᠡ᠃ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠂ ᠲᠠᠳ᠋ ᠡᠷᠬᠢᠯᠡᠭᠴᠢ ᠰᠦᠩ ᠯᠢᠶᠠᠨ ᠡᠾᠦ᠋ᠢ᠂ ᠲᠠᠳ᠋ ᠬᠤᠰᠢᠭᠤᠨ ᠲᠠᠷᠤᠭ᠎ᠠ ᠬᠠᠨ ᠵᠠᠨ ᠹᠸᠩ ᠵᠢᠴᠢ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠪᠠ᠃

 


 

ᠲᠤᠭᠤᠷᠢᠨ ᠪᠠᠢᠴᠠᠭᠠᠬᠤ ᠪᠦᠯᠬᠦᠮ ᠤᠷᠢᠳ ᠬᠤᠵᠢᠳ ᠭᠠᠳᠠᠰᠤ ᠦᠷᠡᠰ ᠮᠠᠯᠵᠢᠯ ᠤᠨ ᠲᠠᠯᠠᠪᠠᠢ ᠶᠢᠨ ᠬᠤᠪᠢ ᠬᠦᠮᠤᠨ ᠤ ᠲᠠᠵᠢᠭᠡᠨ ᠦᠷᠡᠵᠢᠬᠦᠯᠬᠦ ᠡᠷᠤᠭᠡ᠂ ᠷᠤ ᠺᠠᠩ ᠢᠳᠡᠭᠡᠨ ᠤ ᠬᠢᠵᠠᠭᠠᠷᠳᠤ ᠺᠤᠮᠫᠠᠨᠢ᠂ ᠯᠦᠪᠸᠢ ᠪᠠᠯᠭᠠᠰᠤᠨ ᠤ ᠰᠢᠶᠤᠤ ᠡᠾᠸᠢ ᠱᠠᠨ ᠰᠠᠭᠠᠯᠢ ᠶᠢᠨ ᠦᠨᠢᠶ᠎ᠠ ᠲᠠᠵᠢᠭᠡᠨ ᠦᠷᠡᠵᠢᠬᠦᠯᠬᠦ ᠬᠤᠷᠰᠢᠶᠠᠵᠢᠯ᠂ ᠮᠠᠯᠴᠢᠨ ᠠᠢᠯ ᠦᠭᠡᠷ ᠲᠠᠵᠢᠬᠡᠬᠦ ᠲᠤᠰᠬᠠᠢ ᠬᠤᠷᠰᠢᠶᠠᠵᠢᠯ ᠤᠨ ᠤᠢᠯᠡᠳᠪᠤᠷᠢᠯᠡᠯ ᠤᠨ ᠲᠠᠰᠤᠭ ᠵᠡᠷᠭᠡ ᠭᠠᠵᠠᠷ ᠲᠤ ᠪᠠᠢᠴᠠᠭᠠᠯᠳᠠ ᠬᠢᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠨᠠᠷᠢᠨ ᠤᠢᠯᠠᠭᠠᠭᠰᠨᠨ ᠪᠠᠢᠨ᠎ᠡ᠃ ᠲᠤᠭᠤᠷᠢᠨ ᠪᠠᠢᠴᠠᠭᠠᠬᠤ ᠪᠦᠯᠬᠦᠮ ᠡᠴᠨ ᠪᠠᠢᠴᠠᠭᠠᠨ ᠦᠵᠡᠬᠦ ᠶᠢᠨ ᠲᠠᠭᠠᠤ ᠠᠰᠠᠭᠤᠨ ᠯᠠᠪᠯᠠᠵᠤ᠂ ᠲᠠᠨᠢᠯᠴᠠᠭᠤᠯᠭ᠎ᠠ ᠶᠢ ᠨᠠᠷᠢᠯᠢᠭ ᠰᠤᠨᠤᠰᠤᠨ᠂ ᠬᠤᠷᠰᠢᠶᠠᠵᠢᠯ᠂ ᠠᠵᠤ ᠠᠬᠤᠢᠯᠠᠯ ᠤᠨ ᠡᠵᠡᠩᠨᠡᠯᠳᠠ ᠶᠢᠨ ᠭᠡᠯᠪᠡᠷᠢ᠂ ᠲᠦᠷᠢᠮᠵᠢᠯ ᠤᠨ ᠪᠦᠳᠤᠭᠡᠨ ᠪᠠᠢᠭᠤᠯᠤᠯᠳᠠ᠂ ᠤᠢᠯᠡᠳᠪᠤᠷᠢᠯᠡᠯ ᠤᠨ ᠡᠵᠡᠩᠨᠡᠯᠳᠠ᠂ ᠠᠵᠤ ᠤᠢᠯᠡᠰ ᠶᠢᠠᠷ ᠶᠠᠳᠠᠭᠤ ᠶᠢ ᠲᠠᠳᠬᠦᠬᠦ ᠵᠢᠴᠢ ᠬᠤᠢᠰᠢᠳᠠ ᠶᠢᠨ ᠬᠦᠭᠵᠢᠯᠳᠠ ᠶᠢᠨ ᠲᠦᠯᠤᠪᠵᠢᠬᠦᠯᠭᠡ ᠵᠡᠷᠭᠡ ᠪᠠᠢᠳᠠᠯ ᠢ ᠨᠠᠷᠢᠨ ᠤᠢᠯᠠᠭᠠᠪᠠ᠃


ᠲᠤᠭᠤᠷᠢᠨ ᠪᠠᠢᠴᠠᠭᠠᠬᠤ ᠪᠦᠯᠬᠦᠮ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠳᠤ ᠦᠨᠳᠤᠷ ᠦᠨᠡᠯᠡᠯᠳᠠ ᠦᠭᠬᠦᠭᠰᠡᠡ ᠪᠠᠢᠨ᠎ᠡ᠃ ᠪᠤᠶᠠᠨᠳᠤ  ᠶᠠᠷᠢᠭᠰᠨᠨ ᠨᠢ᠂ ᠲᠤᠰ ᠤᠳᠠᠭᠠᠨ ᠤ ᠪᠠᠢᠴᠠᠭᠠᠨ ᠦᠵᠡᠬᠦ ᠪᠡᠷ ᠲᠠᠮᠵᠢᠨ᠂ᠵᠠᠷᠤᠤᠨ ᠬᠤᠰᠢᠭᠤᠨ ᠤ ᠮᠠᠯ ᠠᠵᠤ ᠠᠬᠤᠢ ᠶᠢᠨ ᠠᠵᠤ ᠤᠢᠯᠡᠰ ᠤᠨ ᠭᠡᠪᠴᠢᠶᠠᠵᠢᠯᠳᠠ᠂ ᠪᠠᠷᠢᠮᠵᠢᠶᠠᠵᠢᠭᠤᠯᠤᠯᠳᠠ᠂ᠠᠮᠢ ᠠᠬᠤᠢᠴᠢᠯᠠᠯᠳᠠ ᠪᠤᠯᠤᠨ ᠤᠶᠤᠨᠴᠢᠯᠠᠯᠳᠠ ᠶᠢᠨ ᠲᠠᠯ᠎ᠠ ᠶᠢ ᠤᠯᠠᠮ ᠨᠢᠭᠡ ᠠᠯᠬᠤᠮ ᠤᠢᠯᠠᠭᠠᠵᠤ᠂ᠰᠤᠷᠤᠯᠴᠠᠨ ᠲᠤᠯᠢ ᠪᠤᠯᠭᠠᠵᠤ᠂ ᠬᠠᠷᠢᠭᠰᠨᠨ ᠤ ᠲᠠᠷᠠᠭ᠎ᠠ ᠵᠠᠷᠤᠤᠨ ᠬᠤᠰᠢᠭᠤᠨ ᠤ ᠮᠠᠯ ᠠᠵᠤ ᠠᠬᠤᠢ ᠶᠢᠨ ᠭᠡᠯᠪᠡᠷᠢ ᠶᠢᠠᠨ ᠬᠤᠪᠢᠷᠠᠭᠠᠵᠤ ᠲᠠᠰ ᠲᠠᠪᠰᠢᠬᠦᠯᠬᠦ ᠰᠠᠢᠨ ᠲᠤᠷᠰᠢᠯᠭ᠎ᠠ᠂ ᠰᠠᠢᠨ ᠬᠢᠳᠠᠯ ᠲᠠᠢ ᠤᠶᠠᠯᠳᠤᠭᠤᠯᠤᠨ᠂ ᠭᠡᠰᠢᠭᠳᠡᠨ ᠬᠤᠰᠢᠭᠤᠨ ᠤ ᠮᠠᠯ ᠠᠵᠤ ᠠᠬᠤᠢ ᠶᠢᠨ ᠭᠡᠯᠪᠡᠷᠢ ᠶᠢᠠᠨ ᠬᠤᠪᠢᠷᠠᠭᠠᠵᠤ ᠲᠠᠰ ᠲᠠᠪᠰᠢᠬᠦᠯᠬᠦ ᠪᠦᠳᠤᠭᠡᠨ ᠪᠠᠢᠭᠤᠯᠤᠯᠳᠠ ᠪᠠᠨ ᠲᠠᠭᠡᠭᠰᠢᠯᠡᠬᠦᠯᠤᠨ᠎ᠡ᠃ ᠬᠠᠮᠳᠤ ᠳᠤᠨᠢ᠂ ᠬᠤᠶᠠᠷ ᠭᠠᠵᠠᠷ ᠲᠤᠰ ᠤᠳᠠᠭᠠᠨ ᠤ ᠪᠠᠢᠴᠠᠭᠠᠯᠳᠠ ᠶᠢᠨ ᠲᠤᠬᠢᠶᠠᠯ ᠢ ᠠᠮᠵᠢᠨ᠂ ᠰᠤᠯᠢᠯᠴᠠᠭ᠎ᠠ ᠬᠤᠷᠰᠢᠶ᠎ᠠ ᠪᠠᠨ ᠴᠢᠩᠭᠠᠳᠬᠠᠨ᠂ᠬᠠᠷᠢᠯᠴᠠᠨ ᠰᠤᠷᠤᠯᠴᠠᠵᠤ᠂ ᠬᠠᠮᠳᠤ ᠳᠠᠭᠠᠨ ᠬᠦᠭᠵᠢᠨ᠂ ᠬᠤᠶᠠᠷ ᠭᠠᠵᠠᠷ ᠤᠨ ᠮᠠᠯ ᠠᠵᠤ ᠠᠬᠤᠢ ᠶᠢᠨ ᠬᠦᠭᠵᠢᠯᠳᠠ ᠲᠠᠬᠢᠨ ᠨᠢᠭᠡᠨ ᠰᠢᠨ᠎ᠡ ᠱᠠᠳᠤᠨ ᠳᠤ ᠬᠦᠷᠬᠦ ᠶᠢ ᠬᠦᠰᠡᠵᠤ ᠪᠠᠢᠨ᠎ᠡ ᠭᠡᠵᠡᠢ᠃

 

 

ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠶᠠᠩ ᡁᠢ ᠶᠤᠸᠠᠨ ᠪᠠᠶᠠᠨᠳᠠᠯ᠎ᠠ ᠰᠤᠮᠤ ᠳᠤ ᠬᠦᠷᠴᠤ ᠠᠵᠢᠯ ᠪᠠᠢᠴᠠᠭᠠᠨ ᠰᠤᠳᠤᠯᠵᠤ ᠵᠢᠯᠤᠭᠤᠳᠤᠭᠰᠨᠨ ᠨᠢ
ᠳᠠᠷᠠᠭᠠᠬᠢ᠄ ᠰᠤᠨᠢᠳ ᠵᠡᠬᠦᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠤᠭᠤᠷᠢᠨ ᠪᠠᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠲᠤᠭᠤᠷᠢᠨ ᠪᠠᠢᠴᠠᠭᠠᠭᠰᠨᠨ ᠨᠢ