ᠤᠳᠤ ᠶᠢᠨ ᠪᠠᠢ᠌ᠷᠢ᠄ ᠴᠢᠬᠤᠯᠠ ᠮᠡᠳᠡᠭᠡ → ᠰᠤᠨᠢᠳ ᠵᠡᠬᠦᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠰᠤᠨᠢᠳ ᠵᠡᠬᠦᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠤᠭᠤᠷᠢᠨ ᠪᠠᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠲᠤᠭᠤᠷᠢᠨ ᠪᠠᠢᠴᠠᠭᠠᠭᠰᠨᠨ ᠨᠢ


6 ᠰᠠᠷ᠎ᠠ ᠶᠢᠨ19᠋ ᠤ ᠡᠳᠤᠷ᠂ ᠰᠢᠯᠢ ᠶᠢᠨ ᠭᠤᠤᠯ ᠠᠢᠮᠠᠭ ᠤᠨ ᠰᠤᠨᠢᠳ ᠵᠡᠬᠦᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠮᠦᠩᠭᠡᠪᠠᠭᠠᠳᠤᠷ ᠰᠤᠨᠢᠳ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠲᠤᠭᠤᠷᠢᠨ ᠪᠠᠢᠴᠠᠭᠠᠬᠤ ᠪᠦᠯᠬᠦᠮ ᠶᠢᠠᠨ ᠲᠠᠭᠠᠭᠤᠯᠤᠨ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠲᠤᠭᠤᠷᠢᠨ ᠪᠠᠢᠴᠠᠭᠠᠭᠰᠨᠨ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠰᠦᠩ ᠯᠢᠶᠠᠨ ᠡᠾᠦ᠋ᠢ ᠵᠢᠴᠢ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠪᠠ᠃

  ᠲᠤᠭᠤᠷᠢᠨ ᠪᠠᠢᠴᠠᠭᠠᠬᠤ ᠪᠦᠯᠬᠦᠮ ᠤᠷᠢᠳ ᠬᠤᠵᠢᠳ ᠭᠠᠳᠠᠰᠤ ᠦᠷᠡᠰ ᠮᠠᠯᠵᠢᠯ ᠤᠨ ᠲᠠᠯᠠᠪᠠᠢ ᠶᠢᠨ ᠬᠤᠪᠢ ᠬᠦᠮᠤᠨ ᠤ ᠲᠠᠵᠢᠭᠡᠨ ᠦᠷᠡᠵᠢᠬᠦᠯᠬᠦ ᠡᠷᠤᠭᠡ᠂ ᠷᠤ ᠺᠠᠩ ᠢᠳᠡᠭᠡᠨ ᠤ ᠬᠢᠵᠠᠭᠠᠷᠳᠤ ᠺᠤᠮᠫᠠᠨᠢ ᠵᠡᠷᠭᠡ ᠭᠠᠵᠠᠷ ᠲᠤ ᠬᠦᠷᠴᠤ᠂ ᠯᠦᠪᠸᠢ ᠪᠠᠯᠭᠠᠰᠤᠨ ᠤ ᠲᠤᠰᠬᠠᠢ ᠬᠤᠷᠰᠢᠶᠠᠵᠢᠯ᠂ ᠠᠵᠤ ᠠᠬᠤᠢᠯᠠᠯ ᠤᠨ ᠡᠵᠡᠩᠨᠡᠯᠳᠠ ᠶᠢᠨ ᠭᠡᠯᠪᠡᠷᠢ᠂ ᠲᠦᠷᠢᠮᠵᠢᠯ ᠤᠨ ᠪᠦᠳᠤᠭᠡᠨ ᠪᠠᠢᠭᠤᠯᠤᠯᠳᠠ᠂ ᠤᠢᠯᠡᠳᠪᠤᠷᠢᠯᠡᠯ ᠤᠨ ᠡᠵᠡᠩᠨᠡᠯᠳᠠ᠂ ᠠᠵᠤ ᠤᠢᠯᠡᠰ ᠶᠢᠠᠷ ᠶᠠᠳᠠᠭᠤ ᠶᠢ ᠲᠠᠳᠬᠦᠬᠦ ᠵᠢᠴᠢ ᠬᠤᠢᠰᠢᠳᠠ ᠶᠢᠨ ᠬᠦᠭᠵᠢᠯᠳᠠ ᠶᠢᠨ ᠲᠦᠯᠤᠪᠵᠢᠬᠦᠯᠭᠡ ᠵᠡᠷᠭᠡ ᠪᠠᠢᠳᠠᠯ ᠢ ᠨᠠᠷᠢᠨ ᠤᠢᠯᠠᠭᠠᠪᠠ᠃

 

ᠲᠤᠭᠤᠷᠢᠨ ᠪᠠᠢᠴᠠᠭᠠᠬᠤ ᠪᠦᠯᠬᠦᠮ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠳᠤ ᠦᠨᠳᠤᠷ ᠦᠨᠡᠯᠡᠯᠳᠠ ᠦᠭᠬᠦᠭᠰᠡᠡ ᠪᠠᠢᠨ᠎ᠡ᠃ ᠮᠦᠩᠭᠡᠪᠠᠭᠠᠳᠤᠷ  ᠶᠠᠷᠢᠭᠰᠨᠨ ᠨᠢ᠂ ᠲᠤᠰ ᠤᠳᠠᠭᠠᠨ ᠤ ᠪᠠᠢᠴᠠᠭᠠᠨ ᠦᠵᠡᠬᠦ ᠪᠡᠷ ᠲᠠᠮᠵᠢᠨ᠂ ᠵᠠᠷᠤᠤᠨ ᠬᠤᠰᠢᠭᠤᠨ ᠤ ᠮᠠᠯ ᠠᠵᠤ ᠠᠬᠤᠢ ᠶᠢᠨ ᠠᠵᠤ ᠤᠢᠯᠡᠰ ᠤᠨ ᠭᠡᠪᠴᠢᠶᠠᠵᠢᠯᠳᠠ᠂ᠪᠠᠷᠢᠮᠵᠢᠶᠠᠵᠢᠭᠤᠯᠤᠯᠳᠠ᠂ ᠠᠮᠢ ᠠᠬᠤᠢᠴᠢᠯᠠᠯᠳᠠ ᠪᠤᠯᠤᠨ ᠤᠶᠤᠨᠴᠢᠯᠠᠯᠳᠠ ᠶᠢᠨ ᠲᠠᠯ᠎ᠠ ᠶᠢ ᠤᠯᠠᠮ ᠨᠢᠭᠡ ᠠᠯᠬᠤᠮ ᠤᠢᠯᠠᠭᠠᠵᠤ᠂ ᠰᠤᠷᠤᠯᠴᠠᠨ ᠲᠤᠯᠢ ᠪᠤᠯᠭᠠᠠ᠂ ᠬᠠᠷᠢᠭᠰᠨᠨ ᠤ ᠲᠠᠷᠠᠭ᠎ᠠ ᠵᠠᠷᠤᠤᠨ ᠬᠤᠰᠢᠭᠤᠨ ᠤ ᠮᠠᠯ ᠠᠵᠤ ᠠᠬᠤᠢ ᠶᠢᠨ ᠭᠡᠯᠪᠡᠷᠢ ᠶᠢᠠᠨ ᠬᠤᠪᠢᠷᠠᠭᠠᠵᠤ ᠲᠠᠰ ᠲᠠᠪᠰᠢᠬᠦᠯᠬᠦ ᠰᠠᠢᠨ ᠲᠤᠷᠰᠢᠯᠭ᠎ᠠ᠂ ᠰᠠᠢᠨ ᠬᠢᠳᠠᠯ ᠲᠠᠢ ᠤᠶᠠᠯᠳᠤᠭᠤᠯᠤᠨ᠂ ᠰᠤᠨᠢᠳ ᠵᠡᠬᠦᠨ ᠬᠤᠰᠢᠭᠤᠨ ᠤ ᠮᠠᠯ ᠠᠵᠤ ᠠᠬᠤᠢ ᠶᠢᠨ ᠰᠠᠢᠨ ᠪᠦᠭᠡᠳ ᠲᠦᠷᠭᠡᠨ ᠬᠦᠭᠵᠢᠯᠳᠠ ᠶᠢ ᠲᠦᠯᠬᠢᠨ ᠠᠬᠢᠭᠤᠯᠬᠤ ᠶᠢᠨ ᠬᠠᠮᠳᠤ᠂ ᠲᠤᠰ ᠤᠳᠠᠭᠠᠨ ᠤ ᠲᠤᠭᠤᠷᠢᠨ ᠪᠠᠢᠴᠠᠭᠠᠭᠰᠨᠨ ᠰᠤᠷᠤᠯᠴᠠᠯᠭ᠎ᠠ ᠪᠡᠨ ᠴᠢᠩᠭᠠᠳᠬᠠᠨ᠂ ᠠᠮᠵᠢᠯᠳᠠ ᠤᠯᠤᠭᠰᠨᠨ ᠲᠤᠷᠰᠢᠯᠭ᠎ᠠ ᠪᠠᠨ ᠬᠠᠷᠢᠯᠴᠠᠨ ᠲᠤᠯᠢ ᠪᠤᠯᠭᠠᠵᠤ᠂ᠰᠠᠢᠨ ᠲᠠᠢ ᠲᠠᠯ᠎ᠠ ᠪᠠᠨ ᠲᠤᠪᠤᠢᠯᠭᠠᠨ ᠲᠤᠳᠠᠭᠳᠠᠯ ᠲᠠᠢ ᠲᠠᠯ᠎ᠠ ᠪᠠᠨ ᠨᠦᠬᠦᠨ᠂ ᠮᠠᠯ ᠠᠵᠤ ᠠᠬᠤᠢ ᠶᠢᠨ ᠪᠤᠬᠢᠷᠳᠤᠯ ᠦᠭᠡᠢ ᠡᠷᠡᠬᠦᠯ ᠬᠦᠭᠵᠢᠯᠳᠠ ᠶᠢ ᠬᠠᠮᠳᠤᠪᠠᠷ ᠲᠦᠯᠬᠢᠨ ᠠᠬᠢᠭᠤᠯᠬᠤ ᠶᠢ ᠬᠦᠰᠡᠭᠰᠡᠡ ᠪᠠᠢᠨ᠎ᠡ᠃


ᠲᠤᠭᠤᠷᠢᠨ ᠪᠠᠢᠴᠠᠭᠠᠬᠤ ᠪᠦᠯᠬᠦᠮ ᠪᠠᠰᠨ ᠮᠠᠨ ᠤ ᠬᠤᠰᠢᠭᠤᠨ ᠤ ᠪᠠᠷ ᠵᠢᠷᠤᠭ ᠤᠨ ᠬᠦᠷᠢᠶᠡᠯᠡᠨᠭ᠌᠂ᠦᠯᠢᠭᠡᠷ ᠤᠨ ᠮᠦᠽᠸᠢ ᠶᠢ ᠲᠤᠭᠤᠷᠢᠨ ᠦᠵᠡᠵᠤ᠂ ᠮᠠᠨ ᠤ ᠬᠤᠰᠢᠭᠤᠨ ᠤ ᠦᠨᠳᠤᠰᠤᠳᠠᠨ ᠤ ᠰᠤᠶᠤᠯ ᠪᠤᠯᠤᠨ ᠦᠨᠳᠤᠰᠤᠳᠠᠨ ᠤ ᠵᠠᠩ ᠤᠢᠯᠨ ᠳᠤ ᠲᠠᠭᠡᠳᠤ ᠭᠡᠮᠵᠢᠶᠠᠨ ᠤ ᠦᠨᠡᠯᠡᠡᠯᠳᠠ ᠦᠭᠬᠦᠭᠰᠨᠨ ᠪᠠᠢᠨ᠎ᠡ᠃

 

 

 

ᠡᠮᠦᠨᠡᠬᠢ᠄ ᠭᠡᠰᠢᠭᠳᠡᠨ ᠬᠤᠰᠢᠭᠤᠨ ᠤ ᠲᠤᠭᠤᠷᠢᠨ ᠪᠠᠢᠴᠠᠭᠠᠬᠤ ᠪᠦᠯᠬᠦᠮ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠪᠠᠢᠴᠠᠭᠠᠨ ᠦᠵᠡᠭᠰᠡᠡ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠤᠯᠠᠭᠠᠨᠬᠠᠳᠠ ᠰᠤᠮᠤ ᠶᠢᠨ ᠠᠵᠢᠯ ᠢ ᠪᠠᠢᠴᠠᠭᠠᠵᠤ ᠵᠢᠯᠤᠭᠤᠳᠤᠭᠰᠨᠨ ᠨᠢ