ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠤᠯᠠᠭᠠᠨᠬᠠᠳᠠ ᠰᠤᠮᠤ ᠶᠢᠨ ᠠᠵᠢᠯ ᠢ ᠪᠠᠢᠴᠠᠭᠠᠵᠤ ᠵᠢᠯᠤᠭᠤᠳᠤᠭᠰᠨᠨ ᠨᠢ
6 ᠰᠠᠷ᠎ᠠ ᠶᠢᠨ 25᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠨᠠᠷ ᠤᠯᠠᠭᠠᠨᠬᠠᠳᠠ ᠰᠤᠮᠤ ᠳᠤ ᠬᠦᠨᠵᠡᠭᠡᠢᠷᠡᠨ ᠤᠳᠤ ᠦᠶ᠎ᠡ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠤᠨ ᠲᠤᠭᠤᠷᠢᠨ ᠳᠤ ᠪᠠᠢᠴᠠᠭᠠᠨ ᠰᠤᠳᠤᠯᠤᠯᠳᠠ ᠬᠢᠪᠡ᠃ ᠪᠠᠢᠴᠠᠭᠠᠨ ᠰᠤᠳᠤᠯᠬᠤ ᠲᠤᠭᠤᠢᠯᠠᠩ ᠲᠤᠬᠠᠢ ᠶᠢᠨ ᠲᠠᠯᠠᠪᠠᠢ ᠳᠤ ᠪᠠᠢᠴᠠᠭᠠᠨ ᠦᠵᠡᠬᠦ᠂ ᠮᠡᠳᠡᠬᠦᠯᠤᠯᠳᠠ ᠰᠤᠨᠤᠰᠬᠤ᠂ ᠠᠰᠠᠭᠤᠨ ᠯᠠᠪᠯᠠᠵᠤ ᠶᠠᠷᠢᠯᠴᠠᠬᠤ ᠵᠡᠷᠭᠡ ᠭᠡᠯᠪᠡᠷᠢ ᠪᠠᠷ ᠰᠤᠮᠤ ᠶᠢᠨ ᠬᠠᠷᠢᠶᠠᠨ ᠤ ᠤᠳᠤ ᠦᠶ᠎ᠡ ᠶᠢᠨ ᠮᠠᠯ ᠠᠵᠤ ᠠᠬᠤᠢ ᠶᠢᠨ ᠲᠠᠵᠢᠭᠡᠨ ᠦᠷᠡᠵᠢᠬᠦᠯᠬᠦ ᠪᠦᠳᠤᠴᠨ ᠶᠢᠨ ᠭᠡᠪᠴᠢᠶ᠎ᠠ᠂ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠢᠭᠤᠯᠤᠯᠳᠠ ᠵᠢᠴᠢ ᠠᠮᠢᠳᠠᠨ ᠤ ᠬᠢᠵᠢᠭ᠌ ᠢ ᠰᠡᠷᠭᠡᠢᠯᠡᠨ ᠵᠠᠰᠠᠬᠤ ᠵᠡᠷᠭᠡ ᠲᠠᠯ᠎ᠠ ᠶᠢ ᠨᠠᠷᠢᠨ ᠨᠢᠭᠳᠠ ᠤᠢᠯᠠᠭᠠᠭᠰᠨᠨ ᠪᠠᠢᠨ᠎ᠡ᠃


ᠪᠠᠶᠠᠨᠰᠠᠩ ᠵᠢᠭᠠᠵᠤ ᠭᠠᠷᠭᠠᠭᠰᠨᠨ ᠨᠢ᠂ ᠤᠯᠠᠭᠠᠨᠬᠠᠳᠠ ᠰᠤᠮᠤ ᠶᠢᠨ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠦᠷ᠎ᠠ ᠪᠦᠳᠤᠮᠵᠢ ᠢᠯᠡᠳᠳᠠ᠂ᠤᠨᠴᠠᠯᠢᠭ ᠲᠤᠪᠤᠢᠮᠡ᠂ ᠰᠠᠢᠨ ᠠᠮᠵᠢᠯᠳᠠ ᠶᠢ ᠤᠯᠤᠭᠰᠨᠨ ᠪᠠᠢᠨ᠎ᠠ ᠭᠡᠵᠡᠢ᠃ ᠪᠠᠶᠠᠨᠰᠠᠩ ᠡᠴᠨ᠂ ᠬᠠᠷᠢᠭᠤᠴᠠᠯᠭᠠᠳᠤ ᠰᠡᠳᠬᠢᠯᠭᠡ ᠪᠠᠨ ᠨᠡᠮᠡᠭᠳᠡᠬᠦᠯᠵᠤ᠂ ᠤᠳᠤ ᠦᠶ᠎ᠠ ᠶᠢᠨ ᠮᠠᠯ ᠠᠵᠤ ᠠᠬᠤᠢ ᠶᠢᠨ ᠲᠠᠮᠵᠢᠯᠭᠡ ᠶᠢᠨ ᠬᠦᠴᠤᠯᠡᠴᠨ ᠪᠠᠨ ᠤᠯᠠᠮ ᠨᠢᠭᠡ ᠠᠯᠬᠤᠮ ᠶᠡᠭᠡᠳᠭᠡᠨ᠂ᠮᠠᠯ ᠠᠵᠤ ᠠᠬᠤᠢ ᠶᠢᠨ ᠠᠵᠤ ᠤᠢᠯᠡᠰ ᠤᠨ ᠲᠠᠢᠴᠢᠯᠠᠬᠤ ᠴᠢᠳᠡᠮᠵᠢ ᠶᠢ ᠨᠡᠮᠡᠭᠳᠡᠬᠦᠯᠵᠤ᠂ᠪᠠᠷᠢᠮᠵᠢᠶᠠᠵᠢᠭᠤᠯᠤᠯᠳᠠ ᠶᠢᠨ ᠭᠡᠪᠴᠢᠶᠠᠨ ᠤ ᠲᠠᠵᠢᠭᠡᠨ ᠦᠷᠡᠵᠢᠬᠦᠯᠬᠦ ᠰᠠᠭᠤᠷᠢᠨ ᠭᠠᠵᠠᠷ ᠤᠨ ᠪᠦᠳᠤᠭᠡᠨ ᠪᠠᠢᠭᠤᠯᠤᠯᠳᠠ ᠶᠢ ᠴᠢᠩᠭᠠᠷᠠᠭᠤᠯᠤᠨ᠂ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠰᠠᠭᠤᠷᠢ ᠶᠢ ᠪᠠᠬᠢᠵᠢᠬᠦᠯᠵᠤ᠂ ᠬᠢᠵᠢᠭ᠌ ᠦᠭᠡᠢ ᠤᠷᠤᠨ ᠬᠢᠭᠡᠳ ᠴᠢᠨᠠᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠶᠢᠨ ᠰᠢᠰᠲ᠋ᠸᠮ ᠤᠨ ᠪᠦᠳᠤᠭᠡᠨ ᠪᠠᠢᠭᠤᠯᠤᠯᠳᠠ ᠶᠢ ᠴᠢᠩᠭᠠᠷᠠᠭᠤᠯᠵᠤ᠂ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠶᠢ ᠬᠠᠮᠠᠭᠠᠯᠠᠨ᠂ ᠠᠵᠤ ᠤᠢᠯᠡᠰ ᠤᠨ ᠭᠡᠯᠬᠢᠶᠡᠵᠢᠯ ᠤᠨ ᠪᠦᠳᠤᠭᠡᠨ ᠪᠠᠢᠭᠤᠯᠤᠯᠳᠠ ᠶᠢ ᠴᠢᠬᠤᠯᠠᠴᠢᠯᠠᠵᠤ᠂ ᠤᠳᠤ ᠦᠶ᠎ᠠ ᠶᠢᠨ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨᠴᠢ ᠬᠦᠭᠵᠢᠯᠳᠠ᠂ ᠪᠤᠬᠢᠷᠳᠤᠯ ᠦᠭᠡᠢ ᠬᠦᠭᠵᠢᠯᠳᠠ᠂ ᠦᠷᠬᠦᠯᠵᠢᠯᠠᠨ ᠬᠦᠭᠵᠢᠯᠳᠠ᠂ ᠤᠷᠴᠢᠯ ᠤᠨ ᠬᠦᠭᠵᠢᠯᠳᠠ ᠶᠢ ᠪᠠᠶᠠᠯᠡᠬᠦᠯᠬᠦ ᠶᠢ ᠬᠦᠰᠡᠭᠰᠡᠨ ᠪᠠᠢᠨ᠎ᠡ᠃