ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ᠁
ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠨᠢ᠍ᠭᠤᠴᠠ ᠶᠢ ᠬᠠᠮᠠᠭᠠᠯᠠᠬᠤ ᠬᠠᠤᠯᠢ ᠶᠢ ᠰᠤᠷᠤᠯᠴᠠᠭᠰᠠ ᠨᠢ

              
                 ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠪᠦᠬᠦ ᠺᠠᠲᠷ ᠠᠵᠢ᠍ᠯᠳ᠋ᠠᠳ ᠤᠨ ᠨᠢ᠍ᠭᠤᠴᠠ ᠶᠢ ᠬᠠᠮᠠᠭᠠᠯᠠᠬᠤ ᠲᠠᠨᠢ᠍ᠯᠳ᠋ᠡ ᠶᠢ ᠤᠯᠠᠮ ᠨᠢ᠍ᠭᠡ ᠠᠯᠬᠤᠮ ᠳᠡᠭᠡᠭ᠍ᠰᠢ᠍ᠯᠡᠬᠦᠯᠦᠨ᠂ ᠨᠢ᠍ᠭᠤᠴᠠ ᠶᠢ ᠬᠠᠮᠠᠭᠠᠯᠠᠬᠤ ᠬᠠᠮᠢ᠍ᠶᠠᠷᠤᠯᠳ᠋ᠡ  ᠶᠢᠨ ᠠᠵᠢ᠍ᠯ ᠢ᠍ᠶ᠍ᠡᠨ ᠴᠢ᠍ᠩᠭ᠋ᠠᠳᠬᠠᠬᠤ ᠶᠢᠨ ᠲᠦ᠋ᠯᠦᠭᠡ᠂7 ᠰᠠᠷ᠎ᠠ ᠶᠢᠨ12 ᠊ ᠤ ᠡᠳ᠋ᠦᠷ᠂ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠨᠠᠮ ᠤᠨ ᠤᠳ᠋ᠤᠷᠢ᠍ᠳᠬᠤ ᠲᠤᠭᠤᠢ᠌ᠯᠠᠩ ᠪᠤᠯᠤᠨ ᠪᠠᠢ᠌ᠭᠤᠯᠭ᠎ᠠ ᠶᠢᠨ ᠨᠠᠮ ᠤᠨ ᠡᠭᠦᠷ ᠤᠷᠢ᠍ᠳ ᠬᠤᠵᠢ᠍ᠳ ᠪᠦᠬᠦ ᠺᠠᠲᠷ ᠠᠵᠢ᠍ᠯᠳ᠋ᠡᠳ ᠢ ᠵᠤᠬᠢᠶᠠᠨ ᠪᠠᠢ᠌ᠭᠤᠯᠵᠤ 《ᠪᠦᠬᠦᠳ᠋ᠡ ᠨᠠᠢ᠌ᠷᠠᠮᠳ᠋ᠠᠬᠤ ᠲᠤᠮᠳ᠋ᠠᠳ᠋ᠤ ᠠᠷᠠᠳ ᠤᠯᠤᠰ ᠤᠨ ᠨᠢ᠍ᠭᠤᠴᠠ ᠶᠢ ᠬᠠᠮᠠᠭᠠᠯᠠᠬᠤ ᠬᠠᠤᠯᠢ》᠊ ᠶᠢ ᠲᠤᠰᠬᠠᠢ᠌ᠯᠠᠨ ᠰᠤᠷᠤᠯᠴᠠᠭᠰᠠᠨ ᠪᠠᠢ᠌ᠨ᠎ᠠ᠃

             

          ᠬᠤᠷᠠᠯ ᠡᠴᠡ ᠱᠠᠭᠠᠷᠳ᠋ᠠᠭᠰᠠᠨ ᠨᠢ᠂ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠪᠠᠢ᠌ᠭᠤᠯᠭ᠎ᠠ ᠶᠢᠨ ᠺᠠᠲᠷ ᠠᠵᠢ᠍ᠯᠳ᠋ᠡᠳ ᠡᠴᠡ ᠨᠢ᠍ᠭᠤᠴᠠ ᠶᠢ ᠬᠠᠮᠠᠭᠠᠯᠠᠬᠤ ᠮᠡᠳ᠋ᠡᠯᠭᠡ ᠶᠢᠨ ᠰᠤᠷᠤᠯᠴᠠᠯᠭ᠎ᠠ ᠶᠢ ᠦᠨᠡᠨᠬᠦ ᠴᠢ᠍ᠩᠭ᠋ᠠᠳᠬᠠᠵᠤ᠂ ᠲᠠᠨᠢ᠍ᠯᠳ᠋ᠡ ᠪᠠᠨ ᠳᠡᠭᠡᠭ᠍ᠰᠢ᠍ᠯᠡᠬᠦᠯᠵᠦ᠂ ᠨᠢ᠍ᠭᠤᠴᠠ ᠶᠢ ᠬᠠᠮᠠᠭᠠᠯᠠᠬᠤ ᠰᠡᠷᠭᠡᠢ᠌ᠯᠡᠯᠳ᠋ᠡ ᠶᠢᠨ ᠱᠤᠭᠤᠮ ᠢ ᠪᠠᠳ᠋ᠤᠳᠬᠠᠬᠤ ᠬᠡᠷᠡᠭ᠍ᠲᠡᠢ᠃ ᠡᠷᠬᠡᠪᠰᠢ ᠰᠦ᠋ᠯᠵᠢ᠍ᠶᠠᠨ ᠤ ᠰᠤᠷᠠᠭ ᠵᠠᠩᠬᠢ ᠨᠢ᠍ᠭᠤᠴᠠ ᠲᠡᠶ ᠬᠤᠯᠪᠤᠭᠳ᠋ᠠᠬᠤ ᠦᠭᠡᠶ ᠪᠠᠢ᠌ᠬᠤ᠂ ᠨᠢ᠍ᠭᠤᠴᠠ ᠰᠤᠷᠠᠭ ᠵᠠᠩᠬᠢ ᠶᠢ ᠰᠦ᠋ᠯᠵᠢ᠍ᠶᠠᠨ ᠳᠤ ᠭᠠᠷᠭᠠᠬᠤ ᠦᠭᠡᠶ ᠪᠠᠢ᠌ᠬᠤ ᠶᠢ ᠴᠢ᠍ᠩᠭ᠎ᠠ ᠪᠠᠳ᠋ᠤᠯᠠᠵᠤ᠂ ᠬᠠᠤᠯᠢ ᠴᠠᠭᠠᠵᠠ ᠶᠢᠨ ᠲᠤᠭᠳ᠋ᠠᠭᠠᠯ ᠲᠦ᠋ᠷᠢ᠍ᠮ ᠶᠢᠡᠷ ᠶᠠᠪᠤᠭᠳ᠋ᠠᠭᠤᠯᠤᠨ᠂ ᠨᠢ᠍ᠭᠤᠴᠠ ᠶᠢ ᠬᠠᠮᠠᠭᠠᠯᠠᠬᠤ ᠠᠵᠢ᠍ᠯ ᠤᠨ ᠬᠠᠮᠢ᠍ᠶᠠᠷᠤᠯᠳ᠋ᠡ ᠶᠢ ᠴᠢ᠍ᠩᠭ᠎ᠠ ᠠᠳᠬᠤᠬᠤ ᠬᠡᠷᠡᠭ᠍ᠲᠡᠢ᠃ ᠡᠷᠬᠡᠪᠰᠢ ᠨᠢ᠍ᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠰᠤᠷᠤᠯᠴᠠᠭ᠎ᠠ ᠪᠠᠨ ᠦᠷᠬᠦᠯᠵᠢ᠍ᠯᠡᠨ ᠴᠢ᠍ᠩᠭ᠋ᠠᠳᠬᠠᠵᠤ᠂ ᠬᠦᠨ ᠭᠦᠨᠵᠡᠭᠡᠢ ᠰᠤᠷᠤᠯᠴᠠᠯᠭ᠎ᠠ ᠶᠢᠨ ᠤᠷᠴᠢ᠍ᠨ ᠠᠬᠤᠢ ᠶᠢ ᠡᠭᠦᠳᠴᠤ᠂ ᠤᠯᠤᠰ ᠤᠨ ᠨᠢ᠍ᠭᠤᠴᠠ ᠶᠢ ᠬᠠᠮᠠᠭᠠᠯᠠᠬᠤ ᠡᠭᠦᠷᠭᠡ ᠬᠠᠷᠢ᠍ᠭᠤᠴᠠᠯᠭ᠎ᠠ ᠪᠠᠨ ᠦᠨᠡᠨᠬᠦ ᠴᠢ᠍ᠩᠭ᠋ᠠᠳᠬᠠᠨ᠂ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶᠠᠨ ᠤ ᠨᠢ᠍ᠭᠤᠴᠠ ᠶᠢ ᠬᠠᠮᠠᠭᠠᠯᠠᠬᠤ ᠠᠵᠢ᠍ᠯ ᠤᠨ ᠰᠢ᠍ᠨ᠎ᠠ ᠲᠠᠪᠴᠠᠩ ᠳᠤ ᠭᠠᠷᠬᠤ ᠶᠢ ᠲᠦ᠋ᠯᠬᠢᠨ ᠠᠬᠢᠭᠤᠯᠬᠤ ᠬᠡᠷᠡᠭ᠍ᠲᠡᠢ ᠭᠡᠵᠡᠢ᠃ (ᠳᠠᠯᠠᠢ)

ᠡᠮᠦᠨᠡᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠨᠠᠮ ᠤᠨ ᠡᠭᠦᠷ ᠲᠤᠮᠳ᠋ᠠᠳ᠋ᠤ ᠤᠯᠤᠰ ᠤᠨ ᠡᠪ ᠬᠠᠮᠳ᠋ᠤ ᠨᠠᠮ ᠤᠨ ᠨᠠᠮ ᠤᠨ ᠬᠡᠰᠢ᠍ᠬᠦᠨ ᠦ ᠰᠤᠷᠭᠠᠨ ᠬᠦᠮᠦᠵᠢ᠍ᠯ ᠦᠨ ᠬᠠᠮᠢ᠍ᠶᠠᠷᠤᠯᠳ᠋ᠡ ᠶᠢᠨ ᠠᠵᠢ᠍ᠯ ᠤᠨ ᠲᠦ᠋ᠷᠢ᠍ᠮ  ᠢ ᠰᠤᠷᠤᠯᠴᠠᠭᠰᠠᠨ ᠨᠢ
ᠳᠠᠷᠠᠭᠠᠬᠢ᠄ ᠬᠤᠰᠢ᠍ᠭᠤᠨ ᠤ ᠠᠷᠠᠳ ᠤᠨ ᠲᠦ᠋ᠯᠦᠭᠡᠯᠡᠭ᠍ᠴᠢ᠍ᠳ ᠦᠨ ᠶᠡᠭᠡ ᠬᠤᠷᠠᠯ ᠤᠨ ᠪᠠᠢ᠌ᠩᠭ᠋ᠤ ᠶᠢᠨ ᠬᠤᠷᠢ᠍ᠶ᠎ᠠ ᠶᠢᠨ ᠨᠠᠮ ᠤᠨ ᠡᠭᠦᠷ ᠡᠴᠡ ᠬᠤᠰᠢ᠍ᠭᠤᠨ ᠨᠠᠮ ᠤᠨ ᠬᠤᠷᠢ᠍ᠶᠠᠨ ᠤ ᠨᠠᠮ ᠤᠨ ᠪᠠᠢ᠌ᠭᠤᠯᠤᠯᠳ᠋ᠡ ᠶᠢᠨ ᠤᠳ᠋ᠤᠷᠢ᠍ᠳᠬᠤ ᠪᠠᠭ᠎ᠠ ᠲᠤᠭᠤᠢ᠌ᠯᠠᠩ ᠤᠨ ᠠᠯᠪᠠᠨ ᠭᠡᠷ ᠦᠨ ᠪᠢᠴᠢ᠍ᠭ᠌ ᠮᠠᠲ᠋ᠸᠷᠢ᠍ᠶᠠᠯ ᠤᠨ ᠵᠤᠷᠢ᠍ᠭ ᠰᠠᠨᠠᠭ᠎ᠠ ᠶᠢ ᠤᠯᠠᠮᠵᠢ᠍ᠯᠠᠨ ᠰᠤᠷᠤᠯᠴᠠᠭᠰᠠᠨ ᠨᠢ