ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ᠌〈 ᠨᠠᠮ ᠪᠠᠢᠭᠤᠯᠤᠭᠳᠠᠭᠰᠨᠨ98 ᠵᠢᠯ ᠤᠨ ᠤᠢ〉᠋᠋ ᠶᠢ ᠪᠠᠯᠭᠡᠯᠡᠬᠦ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠨᠨ


ᠲᠤᠮᠳᠠᠳᠤ ᠤᠯᠤᠰ ᠤᠨ ᠡᠪ ᠬᠠᠮᠳᠤ ᠨᠠᠮ ᠪᠠᠢᠭᠤᠯᠤᠭᠳᠠᠭᠰᠨᠨ 98 ᠵᠢᠯ ᠤᠨ ᠤᠢ ᠶᠢ ᠦᠪᠡᠳᠡᠭᠰᠢ ᠶᠡᠭᠡ  ᠪᠡᠷ ᠲᠤᠷᠠᠰᠬᠠᠵᠤ᠂ ᠦᠷᠭᠡᠨ ᠤᠯᠠᠨ ᠨᠠᠮ ᠤᠨ ᠭᠡᠰᠢᠬᠦᠨ ᠺᠠᠳ᠋ᠷ ᠢ〈ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ〉᠋ ᠶᠢ ᠰᠤᠷᠭᠠᠨ ᠬᠦᠮᠤᠵᠢᠬᠦᠯᠤᠨ᠂ ᠤᠨᠴᠨ ᠰᠢᠯᠢᠳᠡᠭ ᠬᠢᠷᠢ ᠪᠦᠳᠤᠮᠵᠢ ᠪᠡᠷ ᠨᠠᠮ ᠪᠠᠢᠭᠤᠯᠤᠭᠳᠠᠭᠰᠨᠨ ᠲᠤᠷᠠᠰᠬᠠᠯ ᠤᠨ ᠡᠳᠤᠷ ᠲᠤ ᠪᠡᠯᠡᠭ ᠬᠦᠷᠭᠡᠬᠦ ᠶᠢᠨ ᠲᠦᠯᠤᠭᠡ᠂ 6 ᠰᠠᠷ᠎ᠠ ᠶᠢᠨ 26᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠪᠤᠯᠤᠨ ᠬᠤᠯᠪᠤᠭᠠᠯᠠᠨ ᠲᠠᠭᠠᠭᠠᠴᠢᠯᠠᠭᠰᠨᠨ ᠪᠠᠶᠠᠷᠳᠤᠬᠤᠰᠢᠭᠤ ᠪᠠᠯᠭᠠᠰᠤᠨ ᠤ ᠬᠤᠪᠤᠯᠳᠤ ᠭᠠᠴᠠᠭ᠎ᠠ ᠶᠢᠨ ᠨᠠᠮ ᠤᠨ ᠡᠬᠦᠷ  ᠲᠠᠢ ᠬᠠᠮᠳᠤ ᠨᠠᠮ ᠪᠠᠢᠭᠤᠯᠤᠭᠳᠠᠭᠰᠨᠨ 98 ᠵᠢᠯ ᠤᠨ ᠤᠢ ᠶᠢ ᠪᠠᠯᠭᠡᠯᠡᠬᠦ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠨᠨ ᠪᠠᠢᠨ᠎ᠡ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠭᠡᠰᠡᠭ ᠨᠠᠮ ᠤᠨ ᠭᠡᠰᠢᠬᠦᠨ ᠪᠤᠯᠤᠨ ᠬᠤᠪᠤᠯᠳᠤ ᠭᠠᠴᠠᠭ᠎ᠠ ᠶᠢᠨ ᠪᠦᠬᠦ ᠨᠠᠮ ᠤᠨ ᠭᠡᠰᠢᠬᠦᠨ ᠤᠷᠤᠯᠴᠠᠪᠠ᠃ ᠲᠤᠰ ᠬᠦᠳᠡᠯᠭᠡᠭᠡᠨ ᠨᠢ ᠨᠠᠮ ᠤᠨ ᠬᠢᠴᠢᠶᠠᠯ ᠤᠷᠤᠵᠤ᠂ ᠠᠬᠠᠮᠠᠳ ᠨᠠᠮ ᠤᠨ ᠭᠡᠰᠢᠬᠦᠨ ᠢ ᠲᠤᠬᠤᠨᠢᠭᠤᠯᠤᠨ᠂ ᠨᠠᠮ ᠳᠤ ᠤᠷᠤᠬᠤ ᠲᠠᠩᠭᠠᠷᠢᠭ ᠢ ᠡᠷᠬᠢᠴᠡᠬᠦᠯᠵᠤ᠂ ᠰᠠᠭᠤᠳᠠᠯ ᠤᠨ ᠬᠤᠷᠠᠯ ᠬᠤᠷᠠᠯᠳᠤᠭᠤᠯᠬᠤ ᠵᠡᠷᠭᠡ ᠭᠡᠯᠪᠡᠷᠢ ᠪᠡᠷ ᠨᠠᠮ ᠪᠠᠢᠭᠤᠯᠤᠭᠳᠠᠭᠰᠨᠨ98 ᠵᠢᠯ ᠤᠨ ᠤᠢ ᠶᠢ ᠬᠦᠷ ᠬᠦᠭᠵᠢᠶᠡᠨᠳᠠᠢ ᠪᠡᠷ ᠪᠡᠯᠭᠡᠯᠡᠭᠰᠨᠨ ᠪᠠᠢᠨ᠎ᠠ᠃


ᠬᠤᠷᠠᠯ ᠲᠠᠭᠡᠷ᠎ᠠ ᠪᠦᠬᠦ ᠨᠠᠮ ᠤᠨ ᠭᠡᠰᠢᠬᠦᠨ ᠢ ᠵᠤᠬᠢᠶᠠᠨ ᠪᠠᠢᠭᠤᠯᠵᠤ᠂《 ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠰᠢᠢᠳᠭᠡᠯ ᠤᠨ ᠲᠦᠷᠢᠮ》᠋ ᠤᠨ ᠭᠤᠤᠯ ᠠᠭᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂《ᠲᠦᠷᠢᠮ》᠋ ᠳᠤ ᠲᠤᠭᠳᠠᠭᠠᠭᠰᠨᠨ ᠤᠯᠤᠰ ᠲᠦᠷᠤ ᠶᠢᠨ ᠰᠠᠬᠢᠯᠭ᠎ᠠ ᠪᠠᠳᠤ᠂ ᠵᠤᠬᠢᠶᠠᠨ ᠪᠠᠢᠭᠤᠯᠤᠯᠳᠠ ᠶᠢᠨ ᠰᠠᠬᠢᠯᠭ᠎ᠠ ᠪᠠᠳᠤ᠂ᠠᠷᠢᠭᠤᠨ ᠴᠢᠭᠡᠴᠢ ᠶᠢᠨ ᠰᠠᠬᠢᠯᠭ᠎ᠠ ᠪᠠᠳᠤ᠂ ᠤᠯᠠᠨ ᠲᠦᠮᠡᠨᠴᠢ ᠰᠠᠬᠢᠯᠭ᠎ᠠ ᠪᠠᠳᠤ᠂ ᠠᠵᠢᠯ ᠤᠨ ᠰᠠᠬᠢᠯᠭ᠎ᠠ ᠪᠠᠳᠤ ᠪᠤᠯᠤᠨ ᠠᠮᠢᠳᠤᠷᠠᠯ ᠤᠨ ᠰᠠᠬᠢᠯᠭ᠎ᠠ ᠪᠠᠳᠤ ᠵᠡᠷᠭᠡ ᠵᠢᠷᠭᠤᠭᠠᠨ ᠶᠡᠭᠡ ᠲᠦᠷᠤᠯ ᠤᠨ ᠰᠠᠬᠢᠯᠭ᠎ᠠ ᠪᠠᠳᠤᠵᠢᠴᠢ 《ᠲᠦᠷᠢᠮ》᠋ ᠤᠨ ᠴᠢᠬᠤᠯᠨ ᠠᠭᠤᠯᠭ᠎ᠠ ᠳᠤ ᠨᠠᠷᠢᠨ ᠨᠢᠭᠳᠠ ᠤᠩᠰᠢᠨ ᠲᠠᠢᠯᠪᠤᠷᠢᠯᠠᠯᠳᠠ ᠬᠢᠭᠰᠡᠡ ᠪᠠᠢᠨ᠎ᠡ᠃


ᠯᠢ ᠴᠸᠩ ᠬᠦᠸᠸ ᠬᠤᠷᠠᠯ ᠲᠠᠭᠡᠷ᠎ᠠ᠂ ᠭᠠᠴᠠᠭᠠᠨ ᠤ ᠨᠠᠮ ᠤᠨ ᠡᠬᠦᠷ ᠡᠴᠨ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ  ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠵᠤ᠂《ᠲᠦᠷᠪᠠᠨ ᠤᠬᠠᠮᠰᠠᠷ》᠋ ᠢ ᠪᠠᠳᠤ ᠪᠤᠰᠭᠠᠨ᠂《ᠲᠦᠷᠪᠠᠨ ᠢᠳᠡᠭᠡᠯ》᠋ ᠢ ᠡᠷᠡᠰ ᠪᠤᠢ ᠪᠤᠯᠭᠠᠵᠤ᠂《ᠬᠤᠶᠠᠷ ᠢ ᠡᠷᠡᠰ ᠬᠠᠮᠠᠭᠠᠯᠠᠬᠤ》᠋ ᠶᠢ ᠬᠦᠢᠴᠡᠳᠭᠡᠨ᠂ ᠦᠨᠳᠤᠰᠤᠨ ᠱᠠᠳᠤᠨ ᠤ ᠵᠤᠬᠢᠶᠠᠨ ᠪᠠᠢᠭᠤᠯᠤᠯᠳᠠ ᠶᠢᠨ ᠨᠢᠭᠳᠠᠷᠠᠯ ᠤᠨ ᠬᠦᠴᠤᠨ ᠪᠤᠯᠤᠨ ᠪᠠᠢᠯᠳᠤᠬᠤ ᠬᠦᠴᠤᠨ ᠢ ᠲᠠᠭᠡᠭᠰᠢᠯᠡᠬᠦᠯᠬᠦ ᠳᠤ ᠡᠬᠢᠯᠡᠯᠳᠠ ᠶᠢᠨ ᠴᠡᠭ ᠪᠤᠯᠵᠤ᠂ ᠭᠠᠴᠠᠭᠠᠨ ᠤ ᠲᠤᠭᠳᠠᠭᠤᠨ ᠢ ᠬᠠᠮᠠᠭᠠᠯᠠᠬᠤ ᠂ᠲᠤᠰᠬᠤᠨ ᠤ ᠬᠠᠮᠳᠤ ᠶᠢᠨ ᠠᠵᠤ ᠠᠬᠤᠢ ᠶᠢᠨ ᠬᠦᠴᠤᠷᠭᠡᠭᠵᠢᠨ ᠬᠦᠭᠵᠢᠬᠦ᠂ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠦᠷ᠎ᠠ ᠪᠦᠳᠤᠮᠵᠢ ᠶᠢ ᠲᠠᠭᠡᠭᠰᠢᠯᠡᠬᠦᠯᠤᠨ ᠪᠠᠳᠤᠳᠬᠠᠬᠤ ᠵᠡᠷᠭᠡ ᠲᠤᠭᠤᠷᠢᠨ ᠳᠤ᠂ ᠭᠠᠴᠠᠭᠠᠨ ᠤ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ ᠰᠡᠳᠬᠢᠯ ᠨᠢᠭᠡᠳᠤᠨ ᠬᠦᠴᠤᠨ ᠶᠢᠠᠨ ᠬᠠᠮᠳᠤᠳᠬᠠᠵᠤ᠂ ᠭᠠᠴᠠᠭ᠎ᠠ ᠳᠤ ᠰᠠᠭᠤᠭ᠎ᠠ ᠠᠵᠢᠯᠯᠠᠬᠤ ᠲᠤᠭᠤᠢᠯᠠᠩ ᠤᠨ ᠨᠦᠬᠦᠤᠨ ᠲᠠᠢ ᠬᠠᠮᠵᠢᠴᠠᠨ ᠭᠠᠴᠠᠭᠠᠨ ᠤ ᠶᠠᠪᠤᠳᠠᠯ ᠢ ᠰᠠᠢᠳᠤᠷ ᠬᠢᠵᠤ᠂ ᠭᠠᠴᠠᠭᠠᠨ ᠤ ᠨᠠᠮ ᠤᠨ ᠡᠬᠦᠷ ᠤᠨ ᠪᠦᠳᠤᠭᠡᠨ ᠪᠠᠢᠭᠤᠯᠤᠯᠳᠠ ᠶᠢ ᠨᠠᠮ ᠤᠨ ᠵᠤᠷᠢᠯᠳᠠ ᠶᠢ ᠤᠬᠠᠭᠤᠯᠬᠤ᠂ ᠨᠠᠮ ᠤᠨ ᠰᠢᠢᠳᠪᠤᠷᠢ ᠶᠢ ᠲᠤᠭᠤᠰᠢᠯᠠᠭᠤᠯᠬᠤ᠂ᠦᠨᠳᠤᠰᠤᠨ ᠱᠠᠳᠤᠨ ᠤ ᠠᠵᠢᠯ ᠢ ᠤᠳᠤᠷᠢᠳᠬᠤ᠂ ᠤᠯᠠᠨ ᠲᠦᠮᠨᠨ ᠲᠠᠢ ᠪᠦᠯᠬᠦᠮᠳᠡᠬᠦ᠂ ᠦᠭᠡᠷᠡᠴᠢᠯᠡᠯᠳᠠ ᠬᠦᠭᠵᠢᠯᠳᠠ ᠶᠢ ᠲᠦᠯᠬᠢᠨ ᠠᠬᠢᠭᠤᠯᠬᠤ᠂ ᠤᠬᠠᠮᠰᠠᠷ ᠡᠴᠨ ᠪᠠᠨ ᠲᠤᠭᠳᠠᠭᠤᠨ ᠢ ᠬᠠᠮᠠᠭᠠᠯᠠᠬᠤ ᠡᠷᠡᠰ ᠬᠠᠳᠠᠭᠤ ᠪᠠᠢᠯᠳᠤᠭᠠᠨ ᠤ ᠪᠠᠬᠢᠯᠠᠯᠳᠠ ᠪᠤᠯᠭᠠᠬᠤ ᠭᠡᠷᠡᠭᠳᠡᠢ ᠭᠡᠵᠡᠢ᠃


ᠨᠠᠮ ᠤᠨ ᠭᠡᠰᠢᠬᠦᠤᠨ ᠡᠴᠨ᠂ ᠦᠪᠡᠷ ᠤᠨ ᠪᠠᠶ᠎ᠠ ᠪᠡᠷ ᠶᠢᠠᠨ ᠲᠠᠭᠤᠷᠢᠶᠠᠯ ᠪᠤᠯᠵᠤ᠂ ᠤᠪᠤᠷ ᠰᠤᠷᠳᠠᠯ ᠴᠢᠳᠠᠮᠵᠢ ᠶᠢᠨ ᠡᠯ᠎ᠠ ᠲᠦᠷᠤᠯ ᠤᠨ ᠲᠦᠷᠢᠮ ᠢ ᠴᠢᠩᠭ᠎ᠠ ᠰᠠᠬᠢᠨ᠂ ᠤᠯᠠᠨ ᠲᠦᠮᠨᠨ ᠲᠠᠢ ᠨᠢᠭᠳᠠ ᠬᠠᠷᠢᠯᠴᠠᠨ᠂ ᠢᠯᠨ᠂ ᠡᠷᠭᠡ ᠲᠡᠭᠰᠢ᠂ ᠲᠦᠪ ᠭᠤᠤᠯᠴᠢ ᠪᠡᠷ ᠤᠴᠢᠷ ᠶᠠᠪᠤᠳᠠᠯ  ᠢ ᠰᠢᠢᠳᠪᠤᠷᠢᠯᠡᠵᠤ᠂ ᠠᠷᠠᠳ ᠤᠨ ᠲᠦᠯᠤᠭᠡ ᠤᠢᠯᠡᠴᠢᠯᠡᠬᠦ᠂ᠬᠠᠨᠴᠤᠢ ᠰᠢᠭᠤᠵᠤ ᠡᠷᠡᠮᠡᠭᠡᠢᠢᠯᠡᠨ ᠠᠵᠢᠯᠯᠠᠬᠤ ᠢᠳᠡᠭᠡᠯ ᠢ ᠤᠯᠠᠮ ᠨᠢᠭᠡ ᠠᠯᠬᠤᠮ ᠪᠠᠳᠤ ᠪᠠᠬᠢ ᠪᠤᠢ ᠪᠤᠯᠭᠠᠨ᠂ ᠤᠭ ᠰᠠᠨᠠᠭ᠎ᠠ ᠪᠠᠨ ᠦᠯᠤ ᠮᠠᠷᠳᠡᠨ᠂ ᠦᠷᠬᠦᠯᠵᠢᠯᠡᠨ ᠤᠷᠤᠭᠰᠢ ᠴᠢᠷᠮᠠᠢᠵᠠᠭᠠᠨ᠎ᠠ ᠭᠡᠵᠡᠭᠡᠪᠡ᠃

 

ᠡᠮᠦᠨᠡᠬᠢ᠄ ᠬᠤᠳ᠋ᠠ ᠶᠢᠨ ᠠᠷᠡᠳ ᠤᠨ ᠳᠦ᠋ᠯᠦᠭᠡᠯᠡᠭ᠍ᠴᠢ᠍ᠳ ᠤᠨ ᠶᠡᠬᠡ ᠬᠤᠷᠠᠯ ᠤᠨ ᠪᠠᠢ᠌ᠡᠭ᠍ᠭᠤ ᠶᠢᠨ ᠬᠤᠷᠢ᠍ᠶ᠎ᠠ ᠶᠢᠨ ᠪᠠᠢ᠌ᠴᠠᠭᠠᠨ ᠰᠣᠳ᠋ᠣᠯᠬᠣ ᠳᠣᠭᠤᠢ᠌ᠯᠠᠡᠭ᠌ ᠮᠠᠨ ᠤ ᠬᠤᠰᠢ᠍ᠭᠤᠨ ᠳ᠋ᠥ ᠢᠷᠡᠵᠤ ᠳᠦ᠋ᠡᠭᠯᠢ᠍ᠶᠤᠤ ᠬᠤᠳ᠋ᠠ ᠶᠢᠨ ᠣᠰᠣ ᠠᠷᠪᠢᠯᠠᠨ ᠬᠡᠷᠡᠭᠯᠡᠬᠦ ᠳᠦ᠋ᠷᠢ᠍ᠮ ᠤᠨ ᠬᠠᠣᠯᠢ ᠳᠣᠭᠳ᠋ᠠᠭᠠᠬᠤ ᠵᠢ ᠪᠠᠢ᠌ᠴᠠᠭᠠᠨ ᠰᠣᠳ᠋ᠣᠯᠣᠭᠰᠠᠨ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠳᠤᠯᠤᠨ ᠪᠠᠢᠴᠠᠭᠠᠬᠬᠤ ᠪᠦᠯᠬᠦᠮ ᠮᠠᠨ ᠤ ᠬᠤᠰᠢᠭᠤᠨ ᠳᠤ ᠢᠷᠡᠵᠤ ᠪᠦᠬᠦ ᠬᠤᠳᠠ ᠶᠢᠨ《ᠵᠢᠭᠤᠯᠴᠢᠯᠠᠯ ᠤᠨ ᠬᠠᠤᠯᠢ》᠋ ᠢ ᠲᠤᠭᠤᠰᠢᠯᠠᠭᠤᠯᠤᠨ ᠭᠡᠷᠡᠭᠵᠢᠬᠦᠯᠦᠭᠰᠨᠨ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠶᠢᠨ ᠮᠡᠳᠡᠬᠦᠯᠦᠯᠳᠠ  ᠶᠢᠨ ᠬᠢᠨᠠᠵᠤ ᠵᠦᠪᠯᠡᠬᠦ ᠰᠠᠨᠠᠯ ᠢ ᠨᠠᠢᠳᠠᠪᠤᠷᠢᠭᠤᠯᠤᠭᠰᠨᠨ ᠪᠠᠢᠳᠠᠯ ᠢ ᠪᠠᠢᠴᠠᠭᠠᠭᠰᠨᠨ ᠨᠢ