ᠵᠠᠷᠤᠤᠨ ᠬᠤᠰᠢᠭᠤ ᠤᠳᠤ ᠦᠶ᠎ᠠ ᠶᠢᠨ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠤᠨ ᠪᠦᠳᠤᠭᠡᠨ ᠪᠠᠢᠭᠤᠯᠤᠯᠳᠠ ᠶᠢᠨ ᠲᠤᠬᠠᠢ ᠶᠢᠨ ᠭᠠᠵᠠᠷ ᠤᠨ ᠲᠤᠷᠰᠢᠯᠭ᠎ᠠ ᠰᠤᠷᠤᠯᠴᠠᠬᠤ ᠬᠤᠷᠠᠯ ᠦᠷᠨᠢᠬᠦᠯᠦᠭᠰᠨᠨ ᠨᠢ
ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤ ᠠᠮᠢ ᠠᠬᠤᠢ ᠶᠢ ᠲᠠᠷᠢᠬᠦᠨ ᠪᠠᠢᠷᠢᠨ ᠳᠤ ᠲᠠᠯᠪᠢᠬᠤ᠂ ᠪᠤᠬᠢᠷᠳᠤᠯ ᠦᠭᠡᠢ ᠬᠦᠭᠵᠢᠯᠳᠠ᠂ ᠲᠠᠯ᠎ᠠ ᠨᠤᠳᠤᠭ ᠶᠢᠠᠨ ᠤᠯᠠᠮ ᠨᠤᠭᠤᠭᠠᠷᠠᠭᠤᠯᠬᠤ᠂ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠬᠠᠮᠢᠶ᠎ᠠ ᠪᠦᠬᠦᠢ ᠱᠠᠭᠠᠷᠳᠠᠯᠭ᠎ᠠ ᠶᠢ ᠪᠠᠷᠢᠮᠳᠠᠯᠠᠬᠤ ᠶᠢ ᠤᠬᠠᠭᠤᠯᠤᠨ ᠲᠤᠭᠤᠰᠢᠯᠠᠭᠤᠯᠵᠤ᠂ ᠬᠤᠢᠳᠤ ᠭᠡᠰᠡᠭ ᠤᠨ ᠮᠠᠯᠵᠢᠬᠤ ᠤᠷᠤᠨ ᠤ ᠮᠠᠯ ᠠᠵᠤ ᠠᠬᠤᠢ ᠶᠢᠨ ᠭᠦᠭᠵᠢᠯᠳᠠ ᠶᠢᠨ ᠴᠢᠨᠠᠷ ᠴᠢᠨᠰᠠᠭ᠎ᠠ ᠶᠢ ᠪᠦᠬᠦ ᠲᠠᠯ᠎ᠠ ᠪᠡᠷ ᠲᠠᠭᠡᠭᠰᠢᠯᠡᠬᠦᠯᠤᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠤᠯᠤᠨ ᠮᠠᠯ ᠠᠵᠤ ᠠᠬᠤᠢ ᠶᠢᠨ ᠭᠦᠭᠵᠢᠯᠳᠠ ᠲᠠᠢ ᠤᠷᠭᠠᠨᠢᠭ ᠨᠢᠭᠡᠳᠤᠬᠦᠯᠬᠦ ᠶᠢᠨ ᠲᠦᠯᠤᠭᠡ᠂ 7 ᠰᠠᠷ᠎ᠠ ᠶᠢᠨ 2᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠭᠠᠳᠠᠰᠤ ᠦᠷᠡᠰ ᠮᠠᠯ ᠤᠨ ᠲᠠᠯᠠᠪᠠᠢ ᠶᠢᠨ ᠲᠠᠷᠤᠭ᠎ᠠ ᠪᠠᠶᠠᠨᠰᠠᠩ ᠵᠠᠷᠤᠤᠨ ᠬᠤᠰᠢᠭᠤᠨ ᠤ ᠬᠤᠢᠳᠤ ᠭᠡᠰᠡᠭ ᠤᠨ ᠮᠠᠯᠵᠢᠬᠤ ᠤᠷᠤᠨ ᠤ ᠪᠠᠶᠠᠷᠳᠤᠬᠤᠰᠢᠭᠤ ᠪᠠᠯᠭᠠᠰᠤ᠂ ᠤᠯᠠᠭᠠᠬᠬᠠᠳᠠ ᠰᠤᠮᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠵᠢᠴᠢ ᠡᠯ᠎ᠠ ᠭᠠᠴᠠᠭ᠎ᠠ ᠲᠤᠰᠬᠤᠨ ᠤ ᠬᠤᠶᠠᠷ ᠵᠦᠪᠯᠡᠯ ᠤᠨ ᠤᠳᠤᠷᠢᠳᠬᠤ ᠪᠠᠭ᠂ ᠭᠡᠰᠡᠭ ᠮᠠᠯ ᠠᠵᠤ ᠠᠬᠤᠢ ᠶᠢᠨ ᠶᠡᠭᠡ ᠡᠷᠤᠭᠡ ᠪᠤᠯᠤᠨ ᠬᠤᠰᠢᠭᠤᠨ ᠤ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠨᠡᠢᠳᠠ40 ᠢᠯᠡᠬᠦᠤ ᠬᠦᠮᠤᠰ ᠢ ᠲᠠᠭᠠᠭᠤᠯᠤᠨ ᠭᠠᠳᠠᠰᠤ ᠦᠷᠡᠰ ᠮᠠᠯ ᠤᠨ ᠲᠠᠯᠠᠪᠠᠢ᠂ ᠦᠯᠵᠠᠢᠮᠦ᠋ᠷᠡᠨ ᠰᠤᠮᠤ᠂ ᠵᠠᠷᠤᠤᠨ ᠬᠤᠰᠢᠭᠤᠨ ᠤ ᠲᠠᠭᠡᠵᠢᠯᠨ ᠰᠢᠨᠵᠢᠯᠡᠬᠦ ᠮᠡᠷᠭᠡᠵᠢᠯ ᠤᠨ ᠡᠰᠢ ᠰᠦᠷᠡᠯ ᠪᠤᠯᠪᠠᠰᠤᠷᠠᠭᠤᠯᠬᠤ ᠬᠢᠵᠠᠭᠠᠷᠳᠤ ᠺᠤᠮᠫᠠᠨᠢ᠂ ᠬᠤᠰᠢᠭᠤᠨ ᠤ ᠡᠬᠦᠯᠳᠡᠷ ᠰᠠᠢᠵᠢᠷᠠᠭᠤᠯᠬᠤ ᠦᠷᠳᠡᠭᠡ ᠵᠡᠷᠭᠡ ᠭᠠᠵᠠᠷ ᠲᠤ ᠬᠦᠷᠴᠤ᠂ ᠲᠤᠬᠠᠢ ᠶᠢᠨ ᠭᠠᠵᠠᠷ ᠲᠤ ᠤᠳᠤ ᠦᠶ᠎ᠠ ᠶᠢᠨ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠤᠨ ᠪᠦᠳᠤᠭᠡᠨ ᠪᠠᠢᠭᠤᠯᠤᠯᠳᠠ ᠶᠢᠨ ᠲᠤᠷᠰᠢᠯᠭ᠎ᠠ ᠰᠤᠷᠤᠯᠴᠠᠬᠤ ᠬᠤᠷᠠᠯ ᠦᠷᠨᠢᠬᠦᠯᠦᠭᠰᠨᠨ ᠪᠠᠢᠨ᠎ᠡ᠃








ᠲᠤᠷᠰᠢᠯᠭ᠎ᠠ ᠰᠤᠷᠤᠯᠴᠠᠬᠤ ᠪᠦᠯᠬᠦᠮ ᠤᠷᠢᠳ ᠬᠤᠵᠢᠳ ᠭᠠᠳᠠᠰᠤ ᠦᠷᠡᠰ ᠮᠠᠯ ᠤᠨ ᠲᠠᠯᠠᠪᠠᠢ ᠶᠢᠨ ᠠᠮᠤᠷ᠂ ᠬᠠᠨ ᠵᠢᠨ ᠱᠠᠨ᠂ ᠵᠤ ᠲᠢᠩ ᠹᠸᠩ᠂ ᠯᠢᠤ ᠵᠤᠤ ᠯᠢᠨ ᠤ ᠲᠠᠵᠢᠭᠡᠨ ᠦᠷᠡᠵᠢᠬᠦᠯᠬᠦ ᠡᠷᠤᠭᠡ ᠪᠤᠯᠤᠨ ᠱᠤᠸᠠᠩ ᠺᠠᠢ ᠤ ᠲᠠᠵᠢᠭᠡᠨ ᠦᠷᠡᠵᠢᠬᠦᠯᠬᠦ ᠬᠤᠷᠰᠢᠶᠠᠵᠢᠯ ᠵᠡᠷᠭᠡ ᠭᠠᠵᠠᠷ ᠶᠢᠠᠷ ᠬᠦᠷᠴᠤ᠂ᠭᠠᠳᠠᠰᠤ ᠦᠷᠡᠰ ᠮᠠᠯ ᠤᠨ ᠲᠠᠯᠠᠪᠠᠢ ᠶᠢᠨ ᠠᠵᠢᠯᠳᠠᠨ ᠤ ᠴᠠᠭᠠᠨ ᠢᠳᠡᠭᠡ ᠶᠢᠨ ᠠᠵᠤ ᠤᠢᠯᠡᠰ ᠤᠨ ᠲᠤᠷᠰᠢᠯᠭ᠎ᠠ ᠶᠢ ᠰᠤᠷᠤᠯᠴᠠᠪᠠ᠃






ᠪᠠᠶᠠᠨᠰᠠᠩ ᠡᠴᠨ᠂ ᠤᠳᠤ ᠦᠶ᠎ᠠ ᠶᠢᠨ ᠮᠠᠯ ᠠᠵᠤ ᠠᠬᠤᠢ ᠶᠢ ᠲᠦᠷᠭᠡᠨ ᠬᠦᠭᠵᠢᠬᠦᠯᠬᠦ ᠨᠢ ᠮᠠᠯ ᠠᠵᠤ ᠠᠬᠤᠢ ᠶᠢᠨ ᠪᠦᠳᠤᠴᠨ ᠶᠢ ᠲᠤᠬᠢᠷᠠᠭᠤᠯᠬᠤ ᠪᠤᠯᠤᠨ ᠭᠡᠯᠪᠡᠷᠢ ᠬᠤᠪᠢᠷᠠᠭᠠᠵᠤ ᠲᠠᠰ ᠲᠠᠪᠰᠢᠬᠦᠯᠬᠦ᠂ ᠮᠠᠯᠴᠢᠳ ᠤᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠶᠢ ᠠᠬᠢᠭᠤᠯᠬᠤ᠂ ᠠᠮᠢ ᠠᠬᠤᠢ ᠪᠤᠯᠪᠠᠰᠤᠨ ᠤ ᠪᠦᠳᠤᠭᠡᠨ ᠪᠠᠢᠭᠤᠯᠤᠯᠳᠠ ᠶᠢ ᠴᠢᠩᠭᠠᠳᠬᠠᠬᠤ ᠳᠤ ᠬᠦᠨᠳᠤ ᠴᠢᠬᠤᠯᠨ ᠤᠳᠬ᠎ᠠ ᠠᠭᠤᠯᠭ᠎ᠠ ᠲᠠᠢ ᠭᠡᠵᠤ ᠵᠢᠭᠠᠭᠰᠨᠨ ᠪᠠᠢᠨ᠎ᠡ᠃
ᠪᠠᠶᠠᠨᠰᠠᠩ ᠴᠢᠩᠭᠠᠳᠬᠠᠭᠰᠨᠨ ᠨᠢ᠂ ᠰᠤᠷᠤᠯᠴᠠᠯᠭ᠎ᠠ ᠪᠠᠨ ᠴᠢᠩᠭᠠᠳᠬᠠᠵᠤ᠂ ᠤᠯᠠᠮᠵᠢᠯᠠᠯᠳᠤ ᠮᠠᠯ ᠠᠵᠤ ᠠᠬᠤᠢ ᠡᠴᠨ ᠤᠳᠤ ᠦᠶ᠎ᠠ ᠶᠢᠨ ᠮᠠᠯ ᠠᠵᠤ ᠠᠬᠤᠢ ᠳᠤ ᠬᠤᠪᠢᠷᠠᠭᠠᠬᠤ ᠶᠢ ᠲᠦᠷᠭᠡᠳᠭᠡᠨ᠂ ᠰᠢᠨ᠎ᠡ ᠪᠠᠢᠳᠠᠯ ᠲᠤᠤᠷᠠᠬᠢ ᠮᠠᠯ ᠠᠵᠤ ᠠᠬᠤᠢ ᠶᠢᠨ ᠠᠵᠢᠯ ᠢ ᠰᠠᠢᠳᠤᠷ ᠬᠢᠵᠤ᠂ ᠤᠳᠤᠷᠢᠳᠤᠯᠭ᠎ᠠ ᠪᠠᠨ ᠴᠢᠩᠭᠠᠳᠬᠠᠨ᠂ᠨᠠᠢᠳᠠᠪᠤᠷᠢᠵᠢᠭᠤᠯᠤᠯᠳᠠ ᠶᠢ ᠴᠢᠩᠭ᠎ᠠ ᠠᠳᠬᠤᠵᠤ᠂ ᠤᠷᠤᠨ ᠨᠤᠳᠤᠭ ᠤᠨ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠪᠠᠢᠳᠠᠯ ᠢ ᠴᠢᠷᠮᠠᠢᠨ ᠡᠬᠦᠳᠬᠦ ᠭᠡᠷᠡᠭᠳᠡᠢ ᠭᠡᠵᠡᠢ᠃
ᠪᠠᠶᠠᠨᠰᠠᠩ ᠱᠠᠭᠠᠷᠳᠠᠭᠰᠨᠨ ᠨᠢ᠂ ᠡᠯ᠎ᠠ ᠰᠤᠮᠤ ᠪᠠᠯᠭᠠᠰᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠴᠠᠭ ᠤᠨ ᠪᠠᠢᠳᠠᠯ ᠢ ᠲᠤᠳᠤᠷᠬᠠᠢ ᠲᠠᠨᠢᠵᠤ᠂ ᠦᠵᠡᠯ ᠰᠠᠨᠠᠭ᠎ᠠ ᠪᠠᠨ ᠨᠢᠭᠡᠳᠭᠡᠨ᠂ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠠ ᠶᠢᠨ ᠬᠠᠷᠢᠭᠤᠴᠠᠯᠭᠠᠳᠤ ᠰᠡᠳᠬᠢᠯᠭᠡ ᠪᠤᠯᠤᠨ ᠪᠠᠴᠢᠮ ᠲᠤᠯᠭᠠᠮ᠎ᠠ ᠰᠡᠳᠬᠢᠯᠭᠡ ᠶᠢ ᠦᠨᠡᠨᠬᠦ ᠴᠢᠩᠭᠠᠷᠠᠭᠤᠯᠤᠨ ᠲᠦᠷᠭᠡᠳᠭᠡᠵᠤ᠂ ᠡᠬᠦᠷᠭᠡ ᠲᠤᠳᠤᠷᠬᠠᠢ᠂ᠭᠤᠤᠯᠳᠠᠯᠭ᠎ᠠ ᠲᠤᠪᠤᠢᠮ᠎ᠠ᠂ ᠤᠳᠤ ᠦᠶ᠎ᠠ ᠶᠢᠨ ᠮᠠᠯ ᠠᠵᠤ ᠠᠬᠤᠢ ᠶᠢᠨ ᠦᠷᠬᠦᠯᠵᠢᠯᠡᠨ ᠡᠷᠡᠬᠦᠯ ᠶᠢᠠᠷ ᠲᠦᠷᠭᠡᠨ ᠬᠦᠭᠵᠢᠬᠦ ᠶᠢ ᠪᠦᠬᠦ ᠬᠦᠴᠤᠨ ᠶᠢᠠᠷ ᠲᠦᠯᠬᠢᠨ ᠠᠬᠢᠭᠤᠯᠬᠤ ᠭᠡᠷᠡᠭᠳᠡᠢ ᠭᠡᠵᠠᠢ᠃