ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠭᠡᠷᠴᠢᠯᠠᠭᠤ ᠰᠤᠮᠤ ᠳᠤ ᠬᠦᠷᠴᠤ《ᠵᠤᠷᠯᠦᠩ ᠤᠨ ᠬᠤᠪᠢᠰᠬᠠᠯ》᠋᠋ ᠤᠨ ᠠᠵᠢᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠭᠰᠡᠡ ᠨᠢ

 

7ᠰᠠᠷ᠎ᠠ ᠶᠢᠨ 25᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ᠂ ᠭᠠᠳᠠᠰᠤ ᠦᠷᠡᠰ ᠮᠠᠯ ᠤᠨ ᠲᠠᠯᠠᠪᠠᠢ ᠶᠢᠨ ᠲᠠᠷᠤᠭ᠎ᠠ ᠪᠠᠶᠠᠠᠰᠠᠩ ᠭᠡᠷᠴᠢᠯᠠᠭᠤ ᠰᠤᠮᠤ ᠳᠤ ᠬᠦᠨᠵᠡᠭᠡᠢᠷᠡᠨ᠂ ᠮᠠᠨ ᠤ ᠬᠤᠰᠢᠭᠤᠨ ᠤ ᠮᠠᠯᠵᠢᠬᠤ ᠤᠷᠤᠨ ᠤ《ᠵᠤᠷᠯᠤᠩ ᠤᠨ ᠬᠤᠪᠢᠰᠬᠠᠯ》᠋᠋ ᠤᠨ ᠠᠵᠢᠯ ᠤᠨ ᠤᠳᠤᠬᠢ ᠪᠠᠢᠳᠠᠯ ᠳᠤ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠬᠢᠵᠤ᠂ ᠲᠠᠳ᠋ ᠬᠤᠰᠢᠭᠤᠨ ᠲᠠᠷᠤᠭ᠎ᠠ ᠸᠠᠩ ᠶᠠᠨ ᠵᠢᠶᠦ᠋ᠨ ᠵᠢᠴᠢ ᠬᠤᠰᠢᠭᠤᠨ ᠤ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠨ ᠰᠤᠳᠤᠯᠤᠯᠳᠠ ᠬᠢᠭᠰᠡᠡ ᠪᠠᠢᠨ᠎ᠡ᠃

ᠪᠠᠶᠠᠨᠰᠠᠩ ᠨᠠᠷ ᠪᠤᠳᠠᠳᠠᠢ ᠭᠠᠵᠠᠷ ᠲᠤ ᠬᠦᠷᠴᠤ᠂ ᠭᠡᠰᠡᠭ ᠮᠠᠯᠴᠢᠨ ᠡᠷᠤᠭᠡ ᠶᠢᠨ ᠵᠤᠷᠯᠦᠩ ᠤᠨ ᠪᠦᠳᠤᠭᠡᠨ ᠪᠠᠢᠭᠤᠯᠤᠯᠳᠠ ᠶᠢᠨ ᠪᠠᠢᠳᠠᠯ ᠢ ᠪᠠᠢᠴᠠᠭᠠᠨ ᠦᠵᠡᠬᠦ ᠶᠢᠨ ᠬᠠᠮᠳᠤ ᠲᠤᠬᠠᠢ ᠶᠢᠨ ᠭᠠᠵᠠᠷ ᠤᠨ ᠤᠯᠠᠨ ᠲᠦᠮᠨᠨ ᠡᠴᠨ《ᠵᠤᠷᠯᠤᠩ ᠤᠨ ᠬᠤᠪᠢᠰᠬᠠᠯ》᠋ ᠳᠤ ᠤᠷᠤᠰᠢᠵᠤ ᠪᠠᠢᠭ᠎ᠠ ᠬᠦᠴᠢᠷᠳᠠᠯ ᠢ ᠤᠢᠯᠠᠭᠠᠪᠠ᠃

ᠪᠠᠶᠠᠨᠰᠠᠩ ᠭᠡᠷᠴᠢᠯᠠᠭᠤ ᠰᠤᠮᠤ ᠶᠢᠨ《ᠵᠤᠷᠯᠤᠩ ᠤᠨ ᠬᠤᠪᠢᠰᠬᠠᠯ》᠋ ᠤᠨ ᠡᠮᠤᠨᠡᠬᠢ ᠦᠶ᠎ᠠ ᠶᠢᠨ ᠠᠵᠢᠯ ᠳᠤ ᠬᠦᠢᠴᠡᠳ ᠨᠤᠳᠠᠯᠠᠯᠳᠠ ᠦᠭᠬᠦ ᠶᠢᠨ ᠬᠠᠮᠳᠤ ᠱᠠᠭᠠᠷᠳᠠᠭᠰᠨᠨ ᠨᠢ᠂ ᠰᠢ ᠵᠢᠨ ᠫᠢᠩ ᠶᠡᠷᠤᠩᠭᠡᠢ ᠱᠦᠵᠢ ᠶᠢᠨ ᠦᠪᠤᠷ ᠮᠤᠩᠭᠤᠯ ᠳᠤ ᠲᠤᠭᠤᠷᠢᠨ ᠪᠠᠢᠴᠠᠭᠠᠬᠤ ᠦᠶ᠎ᠠ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠰᠤᠷᠤᠯᠴᠠᠵᠤ᠂ ᠦᠵᠡᠯ ᠰᠠᠨᠠᠭ᠎ᠠ ᠪᠤᠯᠤᠨ ᠤᠢᠯᠨ ᠠᠵᠢᠯᠯᠠᠭ᠎ᠠ ᠪᠠᠨ ᠬᠤᠰᠢᠭᠤᠨ ᠤ《ᠵᠤᠷᠯᠤᠩ ᠤᠨ ᠬᠤᠪᠢᠰᠬᠠᠯ》᠋ ᠤᠨ ᠠᠵᠢᠯ ᠦᠷᠨᠢᠬᠦᠯᠬᠦ ᠲᠤᠬᠠᠢ ᠪᠠᠢᠷᠢᠯᠠᠭᠤᠯᠤᠯᠳᠠ ᠲᠠᠢ ᠨᠢᠭᠡᠳᠭᠡᠨ᠂《ᠵᠤᠷᠯᠤᠩ ᠤᠨ ᠬᠤᠪᠢᠰᠬᠠᠯ》᠋ ᠢ ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠴᠢᠬᠤᠯᠨ ᠠᠭᠤᠯᠭ᠎ᠠ ᠪᠡᠷ ᠠᠳᠬᠤᠵᠤ᠂ ᠬᠦᠳᠡᠭᠡ ᠲᠤᠰᠬᠤᠨ ᠤ ᠤᠷᠤᠨ ᠰᠠᠭᠤᠴᠨ ᠶᠢᠨ ᠤᠷᠴᠢᠨ ᠲᠤᠭᠤᠷᠢᠨ ᠤ ᠵᠠᠩᠬᠢᠯᠠᠭ᠎ᠠ ᠶᠢᠨ ᠭᠤᠭᠴᠤᠭ᠎ᠠ ᠪᠤᠯᠭᠠᠨ᠂ ᠬᠦᠳᠡᠭᠡ ᠲᠤᠰᠬᠤᠨ ᠤ ᠪᠤᠵᠠᠷ ᠤᠰᠤ ᠶᠢ ᠵᠠᠰᠠᠬᠤ ᠵᠡᠷᠭᠡ ᠲᠠᠢ ᠨᠢᠭᠡᠳᠤᠯᠳᠠᠢ ᠲᠦᠯᠤᠪᠯᠡᠨ ᠪᠤᠳᠤᠯᠬᠢᠯᠠᠬᠤ ᠭᠡᠷᠡᠭᠳᠡᠢ ᠭᠡᠵᠡᠢ᠃

 

 

ᠡᠮᠦᠨᠡᠬᠢ᠄ ᠵᠠᠷᠤᠤᠨ ᠬᠤᠰᠢᠭᠤ ᠤᠳᠤ ᠦᠶ᠎ᠠ ᠶᠢᠨ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ ᠤᠨ ᠪᠦᠳᠤᠭᠡᠨ ᠪᠠᠢᠭᠤᠯᠤᠯᠳᠠ ᠶᠢᠨ ᠲᠤᠬᠠᠢ ᠶᠢᠨ ᠭᠠᠵᠠᠷ ᠤᠨ ᠲᠤᠷᠰᠢᠯᠭ᠎ᠠ ᠰᠤᠷᠤᠯᠴᠠᠬᠤ ᠬᠤᠷᠠᠯ ᠦᠷᠨᠢᠬᠦᠯᠦᠭᠰᠨᠨ ᠨᠢ
ᠳᠠᠷᠠᠭᠠᠬᠢ᠄ ᠬᠤᠰᠢᠭᠤᠨ ᠤ ᠤᠳᠤᠷᠢᠳᠤᠯᠭ᠎ᠠ ᠦᠨᠳᠤᠰᠤᠨ ᠱᠠᠳᠤᠨ ᠳᠤ ᠬᠦᠨᠵᠡᠭᠡᠢᠷᠡᠨ ᠤᠳᠤ ᠦᠶ᠎ᠠ ᠶᠢᠨ ᠮᠠᠯ ᠠᠵᠤ ᠠᠬᠤᠢ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠨ ᠨᠢ