ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ《ᠲᠦᠩᠯᠢᠶᠤᠤ ᠬᠤᠳᠠ ᠶᠢᠨ ᠠᠭᠠᠷ ᠮᠠᠨᠳᠠᠯ ᠤᠨ ᠪᠤᠵᠠᠷᠳᠤᠯ ᠢ ᠰᠡᠷᠬᠡᠢᠯᠡᠨ ᠵᠠᠰᠠᠬᠤ ᠲᠦᠷᠢᠮ ᠤᠨ ᠲᠦᠰᠤᠯ(ᠵᠠᠰᠠᠭᠰᠠᠨ ᠨᠤᠤᠷᠠᠭ)》᠋ ᠤᠨ ᠬᠠᠤᠯᠢ ᠲᠤᠭᠳᠠᠭᠠᠬᠤ ᠪᠠᠢᠴᠠᠭᠠᠨ ᠰᠤᠳᠤᠯᠤᠯᠳᠠ ᠬᠢᠭᠰᠡᠨ ᠨᠢ
7 ᠰᠠᠷ᠎ᠠ ᠶᠢᠨ 23᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠵᠤᠤ ᠪᠠᠢ ᠢᠤᠢ ᠪᠠᠢᠴᠠᠭᠠᠨ ᠰᠤᠳᠤᠯᠬᠤ ᠲᠤᠭᠤᠢᠯᠠᠩ ᠶᠢᠠᠨ ᠲᠠᠭᠠᠭᠤᠯᠤᠨ ᠮᠠᠨ ᠤ ᠬᠤᠰᠢᠭᠤᠨ ᠳᠤ ᠢᠷᠡᠵᠤ᠂《ᠲᠦᠩᠯᠢᠶᠤᠤ ᠬᠤᠳᠠ ᠶᠢᠨ ᠠᠭᠠᠷ ᠮᠠᠨᠳᠠᠯ ᠤᠨ ᠪᠤᠵᠠᠷᠳᠤᠯ ᠢ ᠰᠡᠷᠬᠡᠢᠯᠡᠨ ᠵᠠᠰᠠᠬᠤ ᠲᠦᠷᠢᠮ ᠤᠨ ᠲᠦᠰᠤᠯ(ᠵᠠᠰᠠᠭᠰᠨᠨ ᠨᠤᠤᠷᠠᠭ)》᠋ ᠤᠨ ᠬᠠᠤᠯᠢ ᠲᠤᠭᠳᠠᠭᠠᠬᠤ ᠪᠠᠢᠴᠠᠭᠠᠨ ᠰᠤᠳᠤᠯᠤᠯᠳᠠ ᠬᠢᠬᠦ ᠶᠢᠨ ᠬᠠᠮᠳᠤ᠂ ᠰᠠᠭᠤᠳᠠᠯ ᠤᠨ ᠬᠤᠷᠠᠯ ᠬᠢᠭᠰᠡᠡ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠦᠷᠡᠪᠠᠳᠤ᠂ᠲᠠᠳ᠋ ᠬᠤᠰᠢᠭᠤᠨ ᠲᠠᠷᠤᠭ᠎ᠠ ᠯᠢ ᠶᠦᠩ ᠬᠠᠢ᠂ ᠬᠤᠰᠢᠭᠤᠨ ᠤ ᠬᠠᠮᠢᠶ᠎ᠠ ᠪᠦᠬᠦᠢ ᠪᠠᠢᠭᠤᠯᠭ᠎ᠠ᠂ ᠭᠡᠰᠡᠭ ᠰᠤᠮᠤ ᠪᠠᠯᠭᠠᠰᠤ ᠶᠢᠨ ᠬᠠᠷᠢᠭᠤᠴᠠᠯᠭᠠᠳᠠᠨ ᠵᠢᠴᠢ ᠠᠵᠤ ᠠᠬᠤᠢᠯᠠᠯ ᠤᠨ ᠲᠦᠯᠤᠭᠡᠯᠡᠭᠴᠢ ᠰᠠᠭᠤᠳᠠᠯ ᠤᠨ ᠬᠤᠷᠠᠯ ᠳᠤ ᠤᠷᠤᠯᠴᠠᠪᠠ᠃


ᠵᠤᠤ ᠪᠠᠢ ᠢᠤᠢ ᠰᠠᠭᠤᠳᠠᠯ ᠤᠨ ᠬᠤᠷᠠᠯ ᠲᠠᠭᠡᠷ᠎ᠠ ᠵᠢᠭᠠᠵᠤ ᠭᠠᠷᠭᠠᠭᠰᠨᠨ ᠨᠢ᠂ ᠵᠠᠷᠤᠤᠨ ᠬᠤᠰᠢᠭᠤᠨ ᠤ ᠬᠠᠮᠢᠶ᠎ᠠ ᠪᠦᠬᠦᠢ ᠪᠠᠢᠭᠤᠯᠭ᠎ᠠ ᠬᠠᠤᠯᠢ ᠲᠤᠭᠳᠠᠭᠠᠬᠤ ᠠᠵᠢᠯ ᠢ ᠬᠦᠨᠳᠤᠳᠭᠡᠨ ᠦᠵᠡᠵᠤ᠂ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠵᠤ᠂ᠦᠵᠡᠯ ᠰᠠᠨᠠᠭ᠎ᠠ ᠪᠠᠨ ᠬᠠᠮᠳᠤᠳᠬᠠᠵᠤ ᠨᠢᠭᠡᠳᠤᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠠᠤᠯᠢ ᠲᠤᠭᠳᠠᠭᠠᠬᠤ ᠠᠵᠢᠯ ᠤᠨ ᠵᠦᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠴᠢᠩᠭ᠎ᠠ ᠠᠳᠬᠤᠵᠤ᠂ ᠬᠠᠤᠯᠢ ᠲᠤᠭᠳᠠᠭᠠᠬᠤ ᠠᠵᠢᠯ ᠤᠨ ᠭᠤᠤᠯᠳᠠᠯᠭ᠎ᠠ ᠶᠢ ᠠᠳᠬᠤᠨ᠂ ᠠᠮᠢ ᠠᠬᠤᠢ ᠤᠷᠴᠢᠨ ᠲᠤᠭᠤᠷᠢᠨ ᠤ ᠬᠠᠤᠯᠢ ᠲᠤᠭᠳᠠᠭᠠᠬᠤ ᠠᠵᠢᠯ ᠤᠨ ᠬᠦᠴᠤᠯᠡᠴᠨ ᠶᠢ ᠨᠡᠮᠡᠭᠳᠡᠬᠦᠯᠵᠤ᠂ ᠬᠠᠤᠯᠢ ᠲᠤᠭᠳᠠᠭᠠᠬᠤ ᠴᠢᠨᠠᠷ ᠴᠢᠨᠰᠠᠭ᠎ᠠ ᠶᠢ ᠦᠨᠡᠨᠬᠦ ᠲᠠᠭᠡᠭᠰᠢᠯᠡᠬᠦᠯᠵᠤ᠂ ᠬᠠᠤᠯᠢ ᠲᠤᠭᠳᠠᠭᠠᠬᠤ ᠠᠵᠢᠯ ᠤᠨ ᠯᠠᠪᠳᠠᠭᠤᠨ ᠦᠷᠨᠢᠬᠦ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃

ᠬᠤᠷᠠᠯ ᠲᠠᠭᠡᠷ᠎ᠠ᠂ ᠯᠢ ᠶᠦᠩ ᠬᠠᠢ ᠮᠠᠨ ᠤ ᠬᠤᠰᠢᠭᠤᠨ ᠤ ᠠᠭᠠᠷ ᠮᠠᠨᠳᠠᠯ ᠤᠨ ᠪᠤᠵᠠᠷᠳᠤᠯ ᠢ ᠰᠡᠷᠭᠡᠢᠯᠡᠨ ᠵᠠᠰᠠᠬᠤ ᠠᠵᠢᠯ ᠤᠨ ᠪᠠᠢᠳᠠᠯ ᠤᠨ ᠮᠡᠳᠡᠬᠦᠯᠤᠯᠳᠠ ᠬᠢᠵᠤ᠂ ᠬᠤᠷᠠᠯ ᠳᠤ ᠤᠷᠤᠯᠴᠠᠭᠰᠠᠳ ᠠᠵᠢᠯ ᠤᠨ ᠪᠤᠳᠠᠳᠠᠢ ᠲᠠᠢ ᠤᠶᠠᠯᠳᠤᠭᠤᠯᠤᠨ᠂ ᠠᠭᠠᠷ ᠮᠠᠨᠳᠠᠯ ᠤᠨ ᠪᠤᠵᠠᠷᠳᠤᠯ ᠢ ᠰᠡᠷᠬᠡᠢᠯᠡᠨ ᠵᠠᠰᠠᠬᠤ ᠠᠵᠢᠯ ᠳᠤ ᠤᠷᠤᠰᠢᠵᠤ ᠪᠠᠢᠭ᠎ᠠ ᠭᠤᠤᠯ ᠵᠦᠷᠢᠴᠡᠯ ᠪᠤᠯᠤᠨ ᠲᠤᠯᠭᠠᠮ ᠰᠢᠢᠳᠪᠤᠷᠢᠯᠡᠬᠦ ᠴᠢᠬᠤᠯᠠᠳᠠᠢ ᠲᠤᠪᠤᠢᠮ᠎ᠠ ᠠᠰᠠᠭᠤᠳᠠᠯ ᠤᠨ ᠲᠤᠭᠤᠷᠢᠨ ᠳᠤ ᠰᠠᠢᠨ ᠰᠠᠢᠬᠠᠨ ᠰᠠᠨᠠᠭᠤᠯᠭ᠎ᠠ ᠲᠤᠷᠠᠳᠤᠭᠰᠨᠨ ᠪᠠᠢᠨ᠎ᠠ᠃