ᠤᠳᠤ ᠶᠢᠨ ᠪᠠᠢ᠌ᠷᠢ᠄ ᠴᠢᠬᠤᠯᠠ ᠮᠡᠳᠡᠭᠡ → ᠶᠡᠷᠤᠩᠭᠡᠢ ᠱᠦᠵᠢ ᠶᠢᠨ ᠵᠠᠬᠢᠶ᠎ᠠ ᠶᠢ ᠪᠠᠳᠤ᠁
ᠶᠡᠷᠤᠩᠭᠡᠢ ᠱᠦᠵᠢ ᠶᠢᠨ ᠵᠠᠬᠢᠶ᠎ᠠ ᠶᠢ ᠪᠠᠳᠤ ᠴᠡᠭᠡᠵᠢᠯᠡᠵᠤ ᠨᠢᠭᠡᠨ ᠰᠠᠢᠨ ᠲᠠᠭᠠᠭᠤᠯᠤᠭᠴᠢ ᠪᠤᠯᠤᠶ᠎ᠠ ᠡᠤ ᠶᠦᠨ ᠪᠦᠸᠸ


ᠰᠢ ᠵᠢᠨ ᠫᠢᠩ ᠶᠡᠷᠤᠩᠭᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠦᠪᠤᠷ ᠮᠤᠩᠭᠤᠯ ᠤᠨ ᠲᠦᠯᠤᠭᠡᠯᠡᠭᠴᠢᠳ ᠤᠨ ᠪᠦᠯᠬᠦᠮ ᠳᠤ ᠤᠷᠤᠯᠴᠠᠵᠤ ᠬᠢᠨᠠᠨ ᠵᠦᠪᠯᠡᠬᠦ ᠳᠤ᠂ᠠᠮᠢ ᠠᠬᠤᠢ ᠪᠡᠷ ᠤᠷᠢᠳᠠᠯ ᠨᠦᠬᠦᠴᠡᠯ ᠪᠤᠯᠭᠠᠵᠤ᠂ ᠪᠤᠬᠢᠷᠳᠤᠯ ᠦᠭᠡᠢ ᠬᠦᠭᠵᠢᠯᠳᠠ  ᠪᠡᠷ ᠵᠢᠯᠤᠭᠤᠳᠤᠯᠭ᠎ᠠ ᠪᠤᠯᠭᠠᠭᠰᠨᠨ ᠴᠢᠨᠠᠷ ᠰᠠᠢᠳᠠᠢ ᠬᠦᠭᠵᠢᠯᠳᠠ ᠶᠢᠨ ᠰᠢᠨ᠎ᠡ ᠵᠠᠮ ᠢ ᠡᠷᠢᠯᠬᠢᠯᠡᠬᠦ ᠭᠡᠷᠡᠭᠳᠡᠢ ᠭᠡᠵᠤ ᠱᠠᠭᠠᠷᠳᠠᠵᠠᠢ᠃ᠪᠦᠬᠦ ᠤᠯᠤᠰ  ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠡᠤ ᠶᠦᠨ ᠪᠦᠸᠸ ᠶᠡᠷᠤᠩᠭᠡᠢ ᠱᠦᠵᠢ ᠳᠤ ᠵᠡᠬᠦᠨ ᠰᠠᠯᠠᠭ᠎ᠠ ᠭᠠᠴᠠᠭ᠎ᠠ ᠶᠢᠨ《ᠮᠠᠯᠴᠢᠨ ᠠᠢᠯ ᠤᠨ ᠦᠭᠡᠷ ᠲᠠᠵᠢᠭᠡᠬᠦ ᠲᠤᠰᠬᠠᠢ ᠬᠤᠷᠰᠢᠶᠠᠵᠢᠯ》᠋ ᠶᠢᠠᠨ ᠲᠠᠨᠢᠯᠴᠠᠭᠤᠯᠬᠤ ᠶᠢᠨ ᠬᠠᠮᠳᠤ ᠪᠦᠬᠦ ᠭᠠᠴᠠᠭᠠᠨ ᠤ ᠤᠯᠨᠨ ᠲᠦᠮᠡᠨ ᠶᠢᠠᠨ ᠲᠦᠯᠤᠭᠡᠯᠡᠨ ᠶᠡᠷᠤᠩᠭᠡᠢ ᠱᠦᠵᠢ ᠶᠢ ᠭᠠᠴᠠᠭᠠᠨ ᠳᠠᠭᠠᠨ ᠤᠷᠢᠭᠰᠨᠨ ᠪᠠᠢᠨ᠎ᠡ᠃ ᠶᠡᠷᠤᠩᠭᠡᠢ ᠱᠦᠵᠢ ᠡᠴᠨ ᠡᠤ ᠶᠦᠨ ᠪᠦᠸᠸ ᠶᠢ ᠨᠡᠷᠡᠳᠤ ᠲᠠᠮᠳᠡᠭ᠌ ᠶᠢᠠᠨ ᠰᠠᠢᠳᠤᠷ ᠡᠬᠦᠳᠬᠦ ᠶᠢ ᠵᠤᠷᠢᠭᠵᠢᠭᠤᠯᠤᠭᠰᠨᠨ ᠪᠦᠭᠡᠳ ᠡᠷᠭᠡᠪᠰᠢ ᠵᠦᠪ ᠵᠠᠮ ᠶᠢᠠᠷ ᠵᠠᠮᠨᠠᠬᠤ ᠭᠡᠷᠡᠭᠳᠡᠢ ᠭᠡᠰᠡᠨ ᠪᠠᠢᠨ᠎ᠡ᠃ ᠡᠤ ᠶᠦᠨ ᠪᠦᠸᠸ ᠶᠡᠷᠤᠩᠭᠡᠢ ᠱᠦᠵᠢ ᠶᠢᠨ ᠵᠠᠬᠢᠶ᠎ᠠ ᠶᠢ ᠡᠬᠦᠷᠢᠳᠠ ᠪᠠᠳᠤ ᠴᠡᠭᠡᠵᠢᠯᠡᠵᠤ᠂ ᠮᠦᠷᠤᠨ ᠳᠡᠭᠡᠨ ᠬᠠᠷᠢᠭᠤᠴᠠᠯᠭ᠎ᠠ ᠲᠠᠢ᠂ ᠶᠡᠷᠤᠩᠭᠡᠢ ᠱᠦᠵᠢ ᠶᠢᠨ ᠵᠢᠯᠤᠭᠤᠳᠤᠭᠰᠨᠨ ᠴᠢᠭᠯᠡᠯ ᠵᠦᠭ ᠶᠡᠭᠡ ᠠᠯᠬᠤᠮ ᠶᠢᠠᠷ ᠤᠷᠤᠭᠰᠢᠯᠠᠨ᠎ᠡ᠃






ᠤᠢᠷ᠎ᠠ ᠶᠢᠨ ᠡᠳᠤᠷ ᠂ ᠵᠡᠬᠦᠨ ᠰᠠᠯᠠᠭ᠎ᠠ ᠭᠠᠴᠠᠭ᠎ᠠ ᠶᠢᠨ《ᠮᠠᠯᠴᠢᠨ ᠠᠢᠯ ᠦᠭᠡᠷ ᠲᠠᠵᠢᠭᠡᠬᠦ ᠲᠤᠰᠬᠠᠢ ᠬᠤᠷᠰᠢᠶᠠᠵᠢᠯ》ᠪᠠᠰᠨ ᠨᠢᠭᠡ ᠪᠦᠯᠦᠭ ᠰᠢᠨ᠎ᠡ ᠵᠤᠴᠢᠨ ᠪᠤᠯᠬᠤ ᠦᠪᠡᠷᠳᠡᠭᠡᠨ ᠵᠠᠰᠠᠬᠤ ᠤᠷᠤᠨ ᠤ ᠵᠢᠭᠤᠯᠴᠢᠯᠠᠯ ᠤᠨ ᠨᠡᠢᠭᠡᠮᠯᠢᠭ᠌ ᠤᠨ ᠪᠠᠢᠴᠠᠭᠠᠨ ᠰᠢᠨᠵᠢᠬᠦ ᠪᠦᠯᠬᠦᠮ ᠶᠢᠠᠨ ᠤᠭᠳᠤᠭᠰᠨᠨ ᠪᠠᠢᠨ᠎ᠡ᠃ᠡᠨᠡ ᠪᠤᠯ ᠪᠦᠬᠦ ᠤᠯᠤᠰ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ᠂ᠭᠠᠴᠠᠭᠠᠨ ᠤ ᠨᠠᠮ ᠤᠨ ᠡᠬᠦᠷ ᠤᠨ ᠱᠦᠵᠢ᠂ ᠬᠤᠷᠰᠢᠶᠠᠵᠢᠯ ᠤᠨ ᠭᠡᠷᠡᠭ ᠡᠷᠬᠢᠯᠡᠭᠴᠢ ᠡᠤ ᠶᠦᠨ ᠪᠦᠸᠸ ᠡᠴᠨ ᠵᠸᠵᠢᠶᠠᠩ᠂ ᠡᠾᠸᠪᠸᠢ᠂ ᠰᠢᠯᠢ ᠶᠢᠨ ᠭᠤᠤᠯ ᠬᠤᠳᠠ᠂ ᠬᠦᠯᠤᠨ ᠪᠦᠢᠷ ᠬᠤᠳᠠ ᠶᠢᠨ ᠲᠤᠰᠬᠠᠢ ᠮᠡᠷᠭᠡᠵᠢᠯᠳᠠᠡ ᠤ ᠪᠦᠯᠬᠦᠮ ᠤᠨ ᠲᠠᠷᠠᠭᠠᠬᠢ ᠤᠷᠢᠵᠤ ᠠᠪᠴᠢᠷᠠᠭᠰᠨᠨ ᠭᠠᠴᠠᠭᠠᠨ ᠤ ᠢᠷᠡᠭᠡᠳᠤᠢ ᠶᠢᠨ ᠬᠦᠭᠵᠢᠯᠳᠠ ᠶᠢᠨ ᠠᠰᠠᠭᠤᠯᠭ᠎ᠠ ᠶᠢᠨ ᠤᠬᠠᠭᠠᠨᠳᠠᠨ ᠤ ᠪᠦᠯᠬᠦᠮ ᠪᠤᠯᠤᠨ᠎ᠡ᠃

 

 

ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ《ᠲᠦᠩᠯᠢᠶᠤᠤ ᠬᠤᠳᠠ ᠶᠢᠨ ᠠᠭᠠᠷ ᠮᠠᠨᠳᠠᠯ ᠤᠨ ᠪᠤᠵᠠᠷᠳᠤᠯ ᠢ ᠰᠡᠷᠬᠡᠢᠯᠡᠨ ᠵᠠᠰᠠᠬᠤ ᠲᠦᠷᠢᠮ ᠤᠨ ᠲᠦᠰᠤᠯ(ᠵᠠᠰᠠᠭᠰᠠᠨ ᠨᠤᠤᠷᠠᠭ)》᠋ ᠤᠨ ᠬᠠᠤᠯᠢ ᠲᠤᠭᠳᠠᠭᠠᠬᠤ ᠪᠠᠢᠴᠠᠭᠠᠨ ᠰᠤᠳᠤᠯᠤᠯᠳᠠ ᠬᠢᠭᠰᠡᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠳᠤ ᠪᠠᠢᠴᠠᠭᠠᠨ ᠰᠤᠳᠤᠯᠤᠯᠳᠠ ᠬᠢᠭᠰᠡᠡ ᠨᠢ