ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠳᠤ ᠪᠠᠢᠴᠠᠭᠠᠨ ᠰᠤᠳᠤᠯᠤᠯᠳᠠ ᠬᠢᠭᠰᠡᠡ ᠨᠢ
7 ᠰᠠᠷ᠎ᠠ ᠶᠢᠨ 26᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠡᠤ ᠰᠢᠶᠤᠤ ᠭᠡᠰᠡᠭ ᠠᠷᠠᠳ ᠤᠨ ᠲᠦᠯᠤᠭᠡᠯᠡᠭᠴᠢ ᠶᠢ ᠲᠠᠭᠠᠭᠤᠯᠤᠨ ᠮᠠᠨ ᠤ ᠬᠤᠰᠢᠭᠤᠨ ᠤ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠭᠰᠡᠡ ᠪᠠᠢᠨ᠎ᠡ᠃


ᠪᠠᠢᠴᠠᠭᠠᠨ ᠰᠤᠳᠤᠯᠤᠯᠳᠠ ᠨᠢ ᠰᠠᠭᠤᠳᠠᠯ ᠤᠨ ᠬᠤᠷᠠᠯ ᠬᠢᠬᠦ ᠭᠡᠯᠪᠡᠷᠢ ᠪᠠᠷ ᠶᠠᠪᠤᠭᠳᠠᠵᠤ᠂ ᠬᠤᠰᠢᠭᠤᠨ ᠤ ᠰᠤᠷᠭᠠᠨ ᠬᠦᠮᠤᠵᠢᠯ ᠰᠢᠨᠵᠢᠯᠡᠬᠦ ᠤᠬᠠᠭᠠᠨ ᠪᠠᠶ᠎ᠠ ᠲᠠᠮᠢᠷ ᠤᠨ ᠲᠤᠪᠴᠢᠶᠠᠨ ᠤ ᠬᠠᠷᠢᠭᠤᠴᠠᠯᠭᠠᠳᠠᠨ ᠡᠴᠨ ᠮᠠᠨ ᠤ ᠬᠤᠰᠢᠭᠤᠨ ᠤ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢᠨ ᠪᠠᠢᠳᠠᠯ ᠤᠨ ᠮᠡᠳᠡᠬᠦᠯᠤᠯᠳᠠ ᠬᠢᠵᠤ᠂ ᠬᠤᠷᠠᠯ ᠳᠤ ᠤᠷᠤᠯᠴᠠᠭᠰᠠᠳ ᠡᠴᠨ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠲᠤᠮᠳᠠ ᠤᠷᠤᠰᠢᠵᠤ ᠪᠠᠢᠭ᠎ᠠ ᠠᠰᠠᠭᠤᠳᠠᠯ ᠢ ᠬᠠᠷᠢᠯᠴᠠᠨ ᠶᠠᠷᠢᠯᠴᠠᠵᠤ ᠰᠤᠯᠢᠯᠴᠠᠬᠤ ᠶᠢᠨ ᠬᠠᠮᠳᠤ᠂ ᠰᠠᠢᠨ ᠰᠠᠢᠬᠠᠨ ᠰᠠᠨᠠᠯ ᠰᠠᠨᠠᠭᠤᠯᠭ᠎ᠠ ᠲᠤᠷᠠᠳᠤᠪᠠ᠃

ᠡᠤ ᠰᠢᠶᠤᠤ ᠡᠴᠨ᠂ᠮᠠᠨ ᠤ ᠬᠤᠰᠢᠭᠤᠨ ᠤ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠳᠤ ᠤᠯᠤᠭᠰᠨᠨ ᠦᠷ᠎ᠠ ᠪᠦᠳᠤᠮᠵᠢ ᠶᠢ ᠬᠦᠢᠴᠡᠳ ᠨᠤᠳᠠᠯᠠᠵᠤ᠂ ᠰᠤᠷᠭᠠᠨ ᠬᠦᠮᠤᠵᠢᠯ ᠤᠨ ᠠᠰᠠᠭᠤᠳᠠᠯ ᠪᠤᠯ ᠪᠦᠬᠦ ᠨᠡᠢᠭᠡᠮ ᠤᠨ ᠬᠠᠯᠠᠮᠵᠢᠯᠠᠵᠤ ᠪᠠᠢᠭ᠎ᠠ ᠭᠤᠤᠯᠳᠠᠯᠭ᠎ᠠ ᠲᠠᠢ ᠬᠠᠯᠠᠮᠰᠢᠯ ᠠᠰᠠᠭᠤᠳᠠᠯ ᠮᠦᠨ᠂ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢ ᠴᠢᠩᠭᠠᠳᠬᠠᠨ᠂ ᠪᠠᠭᠰᠢ ᠶᠢᠨ ᠪᠦᠬᠦᠢᠯᠨ ᠴᠤᠭᠴᠨ ᠶᠢᠨ ᠭᠡᠪ ᠴᠢᠨᠠᠷ ᠶᠢᠠᠨ ᠲᠠᠭᠡᠭᠰᠢᠯᠡᠬᠦᠯᠬᠦ ᠪᠤᠯ ᠰᠤᠷᠭᠠᠨ ᠬᠦᠮᠤᠵᠢᠯ ᠤᠨ ᠪᠦᠳᠤᠭᠡᠨ ᠪᠠᠢᠭᠤᠯᠤᠯᠳᠠ ᠪᠡᠷ ᠤᠯᠤᠰ ᠶᠢᠠᠨ ᠬᠦᠴᠤᠷᠭᠡᠭᠵᠢᠬᠦᠯᠬᠦ ᠶᠢᠨ ᠰᠠᠭᠤᠷᠢ ᠪᠤᠯᠤᠨ᠎ᠠ ᠭᠡᠵᠤ ᠱᠠᠭᠠᠷᠳᠠᠵᠠᠢ᠃ ᠪᠠᠭᠰᠢ ᠶᠢᠨ ᠤᠪᠤᠷ ᠰᠤᠷᠳᠠᠯ ᠶᠤᠰᠤ ᠮᠤᠷᠠᠯ ᠤᠨ ᠪᠦᠳᠤᠭᠡᠨ ᠪᠠᠢᠭᠤᠯᠤᠯᠳᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠠᠭᠰᠢ ᠶᠢᠨ ᠪᠦᠳᠤᠴᠨ ᠶᠢ ᠰᠢᠯᠢᠳᠡᠭᠵᠢᠬᠦᠯᠤᠨ᠂ ᠦᠨᠳᠤᠷ ᠭᠡᠪ ᠴᠢᠨᠠᠷ ᠤᠨ ᠪᠠᠭᠰᠢ ᠶᠢᠨ ᠡᠩᠨᠡᠭᠡ ᠶᠢ ᠪᠤᠢ ᠪᠤᠯᠭᠠᠵᠤ᠂ᠪᠠᠭᠰᠢ ᠶᠢᠨ ᠤᠷᠤᠨ ᠪᠠᠢᠷᠢ ᠶᠢ ᠨᠢᠭᠡᠳᠤᠯᠳᠠᠢ ᠲᠦᠯᠤᠪᠯᠡᠵᠤ ᠲᠤᠬᠢᠷᠠᠭᠤᠯᠤᠨ᠂ ᠪᠠᠭᠰᠢ ᠶᠢᠨ ᠤᠷᠤᠨ ᠪᠠᠢᠷᠢ ᠲᠤᠳᠠᠭᠳᠠᠵᠤ ᠪᠠᠢᠭ᠎ᠠ ᠠᠰᠠᠭᠤᠳᠠᠯ ᠢ ᠰᠠᠢᠳᠤᠷ ᠰᠢᠢᠳᠪᠤᠷᠢᠯᠡᠵᠤ᠂ ᠰᠤᠷᠭᠠᠨ ᠬᠦᠮᠤᠵᠢᠯ ᠤᠨ ᠬᠦᠭᠵᠢᠯᠳᠠ ᠶᠢᠨ ᠱᠠᠭᠠᠷᠳᠠᠯᠭ᠎ᠠ ᠶᠢ ᠬᠠᠩᠭᠠᠬᠤ ᠭᠡᠷᠡᠭᠳᠡᠢ᠂ ᠢᠨᠲ᠋ᠸᠷᠨ᠋ᠸᠲ ᠰᠦᠯᠵᠢᠶ᠎ᠠ ᠶᠢᠨ ᠲᠠᠪᠴᠠᠩ ᠢ ᠬᠦᠢᠴᠡᠳ ᠠᠰᠢᠭᠯᠠᠨ᠂ᠰᠢᠨ᠎ᠡ ᠬᠦᠭᠵᠢᠯᠳᠠ ᠶᠢᠨ ᠲᠠᠪᠴᠠᠩ ᠢ ᠰᠦᠪᠡᠭᠴᠢᠯᠠᠨ ᠨᠡᠭᠡᠭᠡᠵᠤ᠂ ᠪᠠᠭᠰᠢ ᠶᠢᠨ ᠪᠤᠯᠪᠠᠰᠤᠷᠠᠯ ᠤᠨ ᠬᠦᠴᠤᠯᠡᠴᠨ ᠶᠢ ᠨᠡᠮᠡᠭᠳᠡᠬᠦᠯᠤᠨ᠂ ᠪᠠᠭᠰᠢ ᠶᠢᠨ ᠡᠩᠨᠡᠭᠡᠨ ᠤ ᠪᠦᠳᠤᠭᠡᠨ ᠪᠠᠢᠭᠤᠯᠤᠯᠳᠠ ᠶᠢ ᠰᠢᠨ᠎ᠡ ᠲᠠᠪᠴᠠᠩ ᠳᠤ ᠬᠦᠷᠭᠡᠬᠦ ᠪᠡᠷ ᠲᠠᠰᠤᠷᠠᠯᠳᠠ ᠦᠭᠡᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃