ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠠᠢᠴᠢᠯᠠᠯᠳᠠ ᠪᠠᠢᠷᠢᠯᠠᠭᠤᠯᠤᠯᠳᠠ ᠶᠢᠨ ᠬᠤᠷᠠᠯ ᠬᠤᠷᠠᠯᠳᠤᠭᠰᠨᠨ ᠨᠢ


9 ᠰᠠᠷ᠎ᠠ ᠶᠢᠨ 19᠋ ᠤ ᠡᠳᠤᠷ ᠤᠨ ᠦᠳᠡ ᠶᠢᠨ ᠬᠤᠢᠨ᠎ᠡ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠠᠢᠴᠢᠯᠠᠯᠳᠠ ᠪᠠᠢᠷᠢᠯᠠᠭᠤᠯᠤᠯᠳᠠ ᠶᠢᠨ ᠬᠤᠷᠠᠯ ᠬᠤᠷᠠᠯᠳᠤᠪᠠ᠃ ᠪᠠᠢᠭᠤᠯᠭ᠎ᠠ ᠶᠢᠨ ᠭᠡᠷ ᠲᠠᠭᠡᠨ ᠪᠠᠢᠭ᠎ᠠ ᠤᠳᠤᠷᠢᠳᠤᠯᠭ᠎ᠠ ᠬᠤᠷᠠᠯ ᠳᠤ ᠤᠷᠤᠯᠴᠠᠵᠤ᠂ ᠬᠤᠰᠢᠭᠤᠨ ᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠢ᠂ᠭᠡᠰᠢᠬᠦᠨ ᠯᠢ ᠰᠢᠶᠤᠤ ᠬᠤᠸᠨ ᠬᠤᠷᠠᠯ ᠳᠤ ᠤᠷᠤᠯᠴᠠᠨ ᠵᠢᠯᠤᠭᠤᠳᠴᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠳᠤ ᠲᠤᠮᠢᠯᠠᠠᠭᠳᠠᠨ ᠰᠠᠭᠤᠭ᠎ᠠ ᠰᠠᠬᠢᠯᠭ᠎ᠠ ᠪᠠᠳᠤ ᠪᠠᠢᠴᠠᠭᠠᠬᠤ ᠲᠤᠭᠤᠢᠯᠠᠩ ᠤᠨ ᠲᠠᠷᠤᠭ᠎ᠠ ᠠᠨ ᠵᠢᠨ ᠶᠢᠤ ᠬᠤᠷᠠᠯ ᠳᠤ ᠰᠤᠯᠨ ᠤᠷᠤᠯᠴᠠᠭᠰᠨ ᠪᠠᠢᠨ᠎ᠡ᠃ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠬᠦ ᠶᠢᠨ ᠬᠠᠮᠳᠤ  ᠳ᠋ᠦ᠋ᠩᠨᠡᠯᠳᠠ ᠶᠢᠨ ᠶᠠᠷᠢᠶ᠎ᠠ ᠬᠢᠪᠡ᠃


ᠡᠤ ᠰᠢᠶᠤᠤ ᠵᠢᠭᠠᠵᠤ ᠭᠠᠷᠭᠠᠭᠰᠨᠨ ᠨᠢ᠂ ᠦᠵᠡᠯ ᠰᠠᠨᠠᠭ᠎ᠠ ᠲᠠᠨᠢᠯᠳᠠ ᠶᠢᠨ ᠲᠠᠯ᠎ᠠ ᠳᠤ᠂ ᠭᠤᠤᠯ ᠰᠡᠳᠤᠪᠳᠤ ᠬᠦᠮᠤᠵᠢᠯ ᠤᠨ ᠬᠦᠨᠳᠤ ᠴᠢᠬᠤᠯᠨ ᠤᠳᠬ᠎ᠠ ᠠᠭᠤᠯᠭ᠎ᠠ ᠶᠢ ᠬᠦᠨᠵᠡᠭᠡᠢ ᠤᠢᠯᠠᠭᠠᠬᠤ ᠭᠡᠷᠡᠭᠳᠡᠢ᠃《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠢ ᠦᠷᠨᠢᠬᠦᠯᠬᠦ ᠪᠤᠯ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ ᠪᠤᠳᠠᠳᠤ ᠠᠵᠢᠯᠯᠠᠭ᠎ᠠ ᠮᠦᠨ᠂ ᠪᠦᠬᠦ ᠲᠠᠯ᠎ᠠ ᠪᠡᠷ ᠨᠠᠮ ᠢ ᠴᠢᠩᠭ᠋᠎ᠠ ᠵᠠᠰᠠᠬᠤ ᠬᠦᠭᠵᠢᠯᠳᠠ ᠶᠢ ᠲᠦᠯᠬᠢᠨ ᠠᠬᠢᠭᠤᠯᠬᠤ ᠴᠢᠬᠤᠯᠨ ᠠᠷᠭ᠍᠎ᠠ ᠵᠠᠮ ᠮᠦᠨ᠂ ᠨᠠᠮ ᠤᠨ ᠭᠡᠰᠢᠬᠦᠨ ᠺᠠᠳ᠋ᠷ ᠤᠨ ᠤᠢᠯᠡᠰ ᠪᠤᠰᠬᠠᠬᠤ ᠶᠢ ᠬᠦᠭᠵᠢᠭᠡᠬᠦ ᠲᠤᠳᠤᠭᠠᠳᠤ ᠬᠦᠳᠡᠯᠭᠡᠬᠦ ᠬᠦᠴᠤᠨ ᠮᠦᠨ ᠭᠡᠳᠡᠭ ᠢ ᠬᠦᠨᠵᠡᠭᠡᠢ ᠲᠠᠨᠢᠬᠤ ᠭᠡᠷᠡᠭᠳᠡᠢ᠃ ᠡᠷᠭᠡᠪᠰᠢ ᠦᠵᠡᠯ ᠰᠠᠨᠠᠭᠠᠨ ᠤ ᠤᠬᠠᠮᠰᠠᠷ ᠶᠢᠠᠷ ᠤᠢᠯᠨ ᠠᠵᠢᠯᠯᠠᠭᠠᠨ ᠤ ᠤᠬᠠᠮᠰᠠᠷ ᠢ ᠵᠢᠯᠤᠭᠤᠳᠤᠭᠤᠯᠤᠨ᠂ ᠤᠢᠯᠨ ᠠᠵᠢᠯᠯᠠᠭᠠᠨ ᠤ ᠤᠬᠠᠮᠰᠠᠷ ᠶᠢᠠᠷ ᠦᠵᠡᠯ ᠰᠠᠨᠠᠭᠠᠨ ᠤ ᠤᠬᠠᠮᠰᠠᠷ ᠢ ᠬᠦᠨᠵᠡᠭᠡᠢᠷᠡᠬᠦᠯᠵᠤ᠂ ᠦᠵᠠᠯ ᠰᠠᠨᠠᠭ᠎ᠠ ᠪᠤᠯᠤᠨ ᠦᠢᠯᠨ ᠠᠵᠢᠯᠯᠠᠭ᠎ᠠ ᠪᠠᠨ ᠲᠦᠪ ᠬᠤᠷᠢᠶᠠᠨ ᠤ ᠰᠢᠢᠳᠪᠤᠷᠢᠳᠤ ᠪᠠᠢᠷᠢᠯᠠᠭᠤᠯᠤᠯᠳᠠ ᠲᠠᠢ ᠦᠨᠡᠨᠬᠦ ᠨᠢᠭᠡᠳᠭᠡᠨ᠂ ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠢᠯᠡᠴᠢᠯᠡᠭᠡᠨ ᠤ ᠡᠬᠦᠷᠭᠡ ᠬᠠᠷᠢᠭᠤᠴᠠᠯᠭᠠᠳᠤ ᠰᠡᠳᠬᠢᠯᠭᠡ ᠶᠢ ᠤᠯᠠᠮ ᠨᠢᠭᠡ ᠠᠯᠬᠤᠮ ᠲᠠᠭᠡᠭᠰᠢᠯᠡᠬᠦᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢ ᠨᠠᠮ ᠤᠨ ᠲᠦᠪ ᠬᠤᠷᠢᠶᠠᠨ ᠤ ᠰᠡᠳᠬᠢᠯ ᠠᠮᠤᠷ᠂ ᠤᠯᠠᠨ ᠲᠦᠮᠨᠨ ᠤ ᠬᠠᠨᠤᠮᠵᠢᠳᠠᠢ ᠵᠢᠱᠢᠶᠡᠴᠢ ᠪᠠᠢᠭᠤᠯᠭ᠎ᠠ ᠪᠤᠯᠭᠠᠨ ᠪᠦᠳᠤᠭᠡᠨ ᠪᠠᠢᠭᠤᠯᠬᠤ ᠭᠡᠷᠡᠭᠳᠡᠢ ᠭᠡᠵᠡᠢ᠃

ᠬᠤᠷᠠᠯ ᠲᠠᠭᠡᠷ᠎ᠠ᠂ ᠸᠠᠩ ᠢᠤᠢ ᠬᠦᠢ ᠬᠤᠰᠢᠭᠤᠨ ᠤ《 ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠢ ᠲᠦᠯᠤᠭᠡᠯᠡᠨ ᠶᠠᠷᠢᠶᠠᠨ ᠳᠠᠭᠠᠨ ᠵᠢᠭᠠᠵᠤ ᠭᠠᠷᠭᠠᠭᠰᠨᠨ ᠨᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠭᠤᠤᠯ ᠰᠡᠳᠤᠪᠳᠤ ᠬᠦᠮᠤᠵᠢᠯ ᠤᠨ ᠦᠨᠳᠤᠰᠤᠨ ᠡᠬᠦᠷᠭᠡ ᠶᠢ ᠴᠢᠩᠭ᠋᠎ᠠ ᠠᠳᠬᠤᠨ᠂《ᠤᠭ ᠰᠠᠨᠠᠭ᠎ᠠ ᠪᠠᠨ ᠰᠠᠬᠢᠨ᠂ᠡᠬᠦᠷᠭᠡ ᠬᠠᠷᠢᠭᠤᠴᠠᠯᠭ᠎ᠠ ᠪᠠᠨ ᠬᠠᠷᠢᠭᠤᠴᠠᠵᠤ᠂ ᠵᠦᠷᠢᠶ᠎ᠠ ᠪᠠᠨ ᠡᠷᠢᠨ᠂ ᠨᠠᠢᠳᠠᠪᠤᠷᠢᠵᠢᠭᠤᠯᠤᠯᠳᠠ ᠶᠢ ᠠᠳᠬᠤᠬᠤ》᠋ ᠶᠢ ᠪᠦᠬᠦ ᠲᠠᠯ᠎ᠠ ᠪᠡᠷ ᠲᠤᠭᠤᠰᠢᠯᠠᠭᠤᠯᠬᠤ ᠶᠡᠷᠤᠩᠭᠡᠢ ᠱᠠᠭᠠᠷᠳᠠᠯᠭ᠎ᠠ ᠶᠤᠰᠤᠭᠠᠷ᠂《ᠲᠠᠪᠤ ᠳᠤ ᠬᠦᠨᠵᠡᠭᠡᠢᠷᠡᠨ ᠲᠠᠪᠤ ᠶᠢ ᠪᠠᠳᠤᠯᠠᠬᠤ》ᠠᠵᠢᠯ ᠤᠨ ᠬᠠᠷᠠᠯᠳᠠ ᠳᠤ ᠬᠦᠴᠤᠨ ᠶᠢᠠᠨ ᠨᠢᠭᠳᠠᠷᠠᠭᠤᠯᠵᠤ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠪᠤᠯᠤᠨ ᠬᠤᠰᠢᠭᠤᠨ ᠤ ᠨᠠᠮ  ᠤᠨ ᠬᠤᠷᠢᠶ᠎ᠠ ᠶᠢᠨ ᠪᠠᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ᠂ ᠡᠯ᠎ᠠ ᠲᠦᠷᠤᠯ ᠤᠨ ᠠᠵᠢᠯ ᠤᠨ ᠦᠨᠳᠤᠷ ᠴᠢᠨᠠᠷ ᠴᠢᠨᠰᠠᠭ᠎ᠠ ᠶᠢ ᠴᠢᠩᠭ᠋᠎ᠠ ᠠᠳᠬᠤᠨ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃

ᠬᠤᠷᠠᠯ ᠤᠨ ᠡᠴᠤᠰ ᠲᠤ᠂ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠵᠢᠭᠠᠵᠤ ᠭᠠᠷᠭᠠᠭᠰᠨᠨ ᠨᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠦᠷᠨᠢᠬᠦᠯᠬᠦ ᠨᠢ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠵᠤ ᠲᠤᠭᠤᠰᠢᠯᠠᠭᠤᠯᠤᠨ᠂ ᠭᠤᠤᠯ ᠰᠡᠳᠤᠪᠳᠤ ᠬᠦᠮᠤᠵᠢᠯ ᠦᠷᠨᠢᠬᠦᠯᠬᠦ ᠬᠦᠨᠳᠤ ᠴᠢᠬᠤᠯᠨ ᠤᠳᠬ᠎ᠠ ᠠᠭᠤᠯᠭ᠎ᠠ ᠶᠢ ᠬᠦᠢᠴᠡᠳ ᠲᠠᠨᠢᠵᠤ᠂ ᠡᠯ᠎ᠠ ᠲᠦᠷᠤᠯ ᠤᠨ ᠠᠵᠢᠯ ᠤᠨ ᠤᠯᠤᠰ ᠲᠦᠷᠤ ᠶᠢᠨ ᠵᠤᠭᠰᠤᠴᠨ ᠪᠠᠨ ᠤᠯᠠᠮ ᠨᠢᠭᠡ ᠠᠯᠬᠤᠮ ᠲᠠᠭᠡᠭᠰᠢᠯᠡᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠡᠬᠦᠷᠢᠳᠠ ᠪᠠᠷᠢᠮᠳᠠᠯᠠᠬᠤ ᠭᠡᠷᠡᠭᠳᠡᠢ᠃ ᠭᠤᠤᠯ ᠰᠡᠳᠤᠪᠳᠤ ᠬᠦᠮᠤᠵᠢᠯ ᠤᠨ ᠲᠠᠰᠤᠷᠠᠯᠳᠠ ᠦᠭᠡᠢ ᠬᠦᠭᠵᠢᠭᠡᠬᠦ ᠤᠷᠬᠢᠯᠤᠮ᠎ᠠ ᠵᠤᠷᠢᠭ ᠰᠠᠨᠠᠭ᠎ᠠ ᠶᠢᠠᠷ ᠲᠠᠮᠵᠢᠨ᠂ ᠪᠦᠬᠦ ᠬᠤᠰᠢᠭᠤᠨ ᠤ ᠦᠭᠡᠷᠡᠴᠢᠯᠡᠯᠳᠠ ᠬᠦᠭᠵᠢᠯᠳᠠ ᠶᠢᠨ ᠬᠦᠴᠤᠳᠠᠢ ᠬᠦᠳᠡᠯᠭᠡᠬᠦ ᠬᠦᠴᠤᠨ ᠢ ᠲᠦᠯᠬᠢᠨ ᠠᠬᠢᠭᠤᠯᠵᠤ᠂ ᠰᠢᠯᠢᠳᠡᠭ ᠠᠮᠵᠢᠯᠳᠠ ᠪᠡᠷ ᠰᠢᠨ᠎ᠡ ᠲᠤᠮᠳᠠᠳᠤ ᠤᠯᠤᠰ ᠪᠠᠢᠭᠤᠯᠤᠭᠳᠠᠭᠰᠨᠨ 70 ᠵᠢᠯ ᠤᠨ ᠤᠢ ᠳᠤ ᠪᠡᠯᠡᠭ ᠪᠤᠯᠭᠠᠶ᠎ᠠ ᠭᠡᠵᠡᠢ᠃

ᠡᠮᠦᠨᠡᠬᠢ᠄ ᠤᠯᠠᠨ ᠲᠦᠮᠨᠨ ᠲᠠᠢ ᠰᠡᠳᠬᠢᠯ ᠵᠢᠷᠤᠭᠡ ᠪᠠᠨ ᠬᠤᠯᠪᠤᠨ ᠬᠠᠢᠷ᠎ᠠ ᠬᠠᠨᠳᠢᠪ ᠬᠦᠷᠭᠡᠭᠰᠨᠨ ᠨᠢ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠵᠠᠷᠤᠤᠨ ᠬᠤᠰᠢᠭᠤᠨ ᠤ ᠪᠠᠢᠴᠠᠭᠠᠬᠤ ᠪᠠᠢᠭᠤᠯᠭ᠎ᠠ ᠶᠢᠨ ᠢᠷᠭᠡᠨ ᠤ ᠭᠡᠷᠡᠭ ᠵᠠᠰᠠᠭ ᠵᠠᠬᠢᠷᠭᠠᠨ ᠤ ᠰᠢᠬᠦᠨ ᠲᠠᠰᠤᠯᠬᠤ ᠬᠢᠨᠠᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ