ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠳᠠ ᠶᠢᠨ ᠠᠷᠠᠳ ᠤᠨ ᠲᠦᠯᠤᠭᠡᠯᠡᠭᠴᠢᠳ ᠤᠨ᠁
ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ ᠵᠠᠷᠤᠤᠨ ᠬᠤᠰᠢᠭᠤᠨ ᠤ ᠪᠠᠢᠴᠠᠭᠠᠬᠤ ᠪᠠᠢᠭᠤᠯᠭ᠎ᠠ ᠶᠢᠨ ᠢᠷᠭᠡᠨ ᠤ ᠭᠡᠷᠡᠭ ᠵᠠᠰᠠᠭ ᠵᠠᠬᠢᠷᠭᠠᠨ ᠤ ᠰᠢᠬᠦᠨ ᠲᠠᠰᠤᠯᠬᠤ ᠬᠢᠨᠠᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ


9 ᠰᠠᠷ᠎ᠠ ᠶᠢᠨ 18᠋ ᠤ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠨ ᠰᠤᠳᠤᠯᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ᠂ ᠵᠠᠷᠤᠤᠨ ᠬᠤᠰᠢᠭᠤᠨ ᠤ ᠪᠠᠢᠴᠠᠭᠠᠬᠤ ᠪᠠᠢᠭᠤᠯᠭ᠎ᠠ ᠶᠢᠨ ᠢᠷᠭᠡᠨ ᠤ ᠭᠡᠷᠡᠭ᠂ᠵᠠᠰᠠᠭ ᠵᠠᠬᠢᠷᠭᠠᠨ ᠤ ᠰᠢᠬᠦᠨ ᠲᠠᠰᠤᠯᠬᠤ ᠬᠢᠨᠠᠯᠳᠠ ᠶᠢᠨ ᠠᠵᠢᠯ ᠳᠤ ᠪᠠᠢᠴᠠᠭᠠᠨ ᠰᠤᠳᠤᠯᠤᠯᠳᠠ ᠬᠢᠭᠦ ᠶᠢᠨ ᠬᠠᠮᠳᠤ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠦᠷᠡᠪᠠᠳᠤ᠂ ᠲᠠᠳ᠋ ᠬᠤᠰᠢᠭᠤᠨ ᠲᠠᠷᠤᠭ᠎ᠠ᠂ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠠᠷᠤᠭ᠎ᠠ ᠰᠠᠢᠨᠪᠠᠶᠠᠷ᠂ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶ᠎ᠠ ᠶᠢᠨ ᠲᠠᠷᠤᠭ᠎ᠠ ᠳ᠋ᠸᠩ ᠭᠤᠸᠠᠩ ᠹᠸᠩ ᠬᠤᠷᠠᠯ ᠳᠤ ᠤᠷᠤᠯᠴᠠᠭᠰᠨᠨ ᠪᠠᠢᠨ᠎ᠠ᠃

ᠰᠠᠭᠤᠳᠠᠯ ᠤᠨ ᠬᠤᠷᠠᠯ ᠲᠠᠭᠡᠷ᠎ᠠ᠂ ᠦᠷᠡᠪᠠᠳᠤ᠂ᠰᠠᠢᠨᠪᠠᠶᠠᠷ᠂ ᠳ᠋ᠸᠩ ᠭᠤᠸᠠᠩ ᠹᠸᠩ ᠲᠤᠰᠪᠤᠷᠢ ᠢᠷᠭᠡᠨ ᠤ ᠭᠡᠷᠡᠭ ᠪᠠ ᠵᠠᠰᠠᠭ ᠵᠠᠬᠢᠷᠭᠠᠨ ᠤ ᠪᠠᠢᠴᠠᠭᠠᠬᠤ ᠠᠵᠢᠯ ᠦᠷᠨᠢᠬᠦᠯᠦᠭᠰᠨᠨ ᠪᠠᠢᠳᠠᠯ᠂ ᠭᠤᠤᠯ ᠠᠷᠭ᠎ᠠ ᠠᠪᠴᠠᠯ᠂ ᠰᠠᠯᠠᠭ᠎ᠠ ᠮᠦᠴᠢᠷ ᠤᠨ ᠬᠠᠷᠢᠯᠴᠠᠨ ᠬᠠᠮᠵᠢᠯᠴᠠᠭᠰᠨᠨ ᠪᠠᠢᠳᠠᠯ᠂ ᠡᠩᠨᠡᠭᠡ ᠶᠢᠨ ᠪᠦᠳᠤᠭᠡᠨ ᠪᠠᠢᠭᠤᠯᠤᠯᠳᠠ᠂ ᠬᠢᠨᠠᠯᠳᠠ ᠶᠢ ᠴᠢᠩᠭᠠᠳᠬᠠᠬᠤ᠂ ᠤᠬᠠᠭᠤᠯᠭ᠎ᠠ ᠶᠢᠨ ᠬᠦᠴᠤᠯᠡᠴᠨ ᠪᠠᠨ ᠨᠡᠮᠡᠭᠳᠡᠬᠦᠯᠦᠭᠰᠡᠡ ᠵᠢᠴᠢ ᠤᠷᠤᠰᠢᠵᠤ ᠪᠠᠢᠭ᠎ᠠ ᠬᠦᠴᠢᠷᠳᠠᠯ ᠪᠤᠯᠤᠨ ᠠᠰᠠᠭᠤᠳᠠᠯ ᠤᠨ ᠲᠤᠭᠤᠷᠢᠨ ᠳᠤ ᠮᠡᠳᠡᠬᠦᠯᠤᠯᠳᠠ ᠬᠢᠪᠡ᠃

ᠰᠠᠭᠤᠳᠠᠯ ᠤᠨ ᠬᠤᠷᠠᠯ ᠲᠠᠭᠡᠷ᠎ᠠ᠂ ᠪᠠᠢ ᠶᠦᠨ ᠹᠸᠢ ᠡᠴᠨ ᠵᠠᠷᠤᠤᠨ ᠬᠤᠰᠢᠭᠤᠨ ᠤ ᠪᠠᠢᠴᠠᠭᠠᠬᠤ ᠪᠠᠢᠭᠤᠯᠭ᠎ᠠ ᠶᠢᠨ ᠢᠷᠭᠡᠨ ᠤ ᠭᠡᠷᠡᠭ᠂ ᠵᠠᠰᠠᠭ ᠵᠠᠬᠢᠷᠭᠠᠠ ᠤ ᠰᠢᠬᠦᠨ ᠲᠠᠰᠤᠯᠬᠤ ᠬᠢᠨᠠᠯᠳᠠ ᠶᠢᠨ ᠠᠵᠢᠯ ᠳᠤ ᠬᠦᠢᠴᠡᠳ ᠦᠨᠡᠯᠡᠯᠳᠠ ᠦᠭᠬᠦ ᠶᠢᠨ ᠬᠠᠮᠠᠳᠤ ᠵᠢᠭᠠᠵᠤ ᠭᠠᠷᠭᠠᠭᠰᠨᠨ ᠨᠢ᠂ ᠢᠷᠭᠡᠨ ᠤ ᠭᠡᠷᠡᠭ ᠵᠠᠰᠠᠭ ᠵᠠᠬᠢᠷᠭᠠᠨ ᠤ ᠰᠢᠬᠦᠨ ᠲᠠᠰᠤᠯᠬᠤ ᠬᠢᠨᠠᠯᠳᠠ ᠶᠢᠨ ᠠᠵᠢᠯ ᠶᠡᠭᠡ ᠲᠠᠯ᠎ᠠ ᠳᠤ ᠤᠢᠯᠡᠴᠢᠯᠠᠨ᠂ ᠲᠤᠭᠳᠠᠭᠤᠨ ᠢ ᠬᠠᠮᠠᠭᠠᠯᠠᠬᠤ ᠲᠠᠯ᠎ᠠ ᠳᠤ ᠴᠢᠬᠤᠯᠨ ᠤᠢᠯᠡᠳᠤᠯ ᠦᠵᠡᠬᠦᠯᠵᠤ ᠪᠠᠢᠨ᠎ᠡ᠃ ᠬᠤᠰᠢᠭᠤᠨ ᠤ ᠪᠠᠢᠴᠠᠭᠠᠬᠤ ᠪᠠᠢᠭᠤᠯᠭ᠎ᠠ ᠵᠠᠰᠠᠭ ᠵᠠᠬᠢᠷᠭᠠᠨ ᠤ ᠪᠠᠢᠴᠠᠭᠠᠬᠤ ᠠᠵᠢᠯ ᠢ ᠰᠠᠢᠳᠤᠷ ᠬᠢᠬᠦ ᠶᠢ ᠬᠤᠰᠢᠭᠤᠨ ᠤ ᠬᠠᠤᠯᠢ ᠶᠤᠰᠤᠭᠠᠷ ᠬᠤᠰᠢᠭᠤ ᠶᠢ ᠵᠠᠰᠠᠬᠤ ᠶᠢ ᠪᠦᠬᠦ ᠲᠠᠯ᠎ᠠ ᠪᠡᠷ ᠲᠦᠯᠬᠢᠨ ᠠᠬᠢᠭᠤᠯᠬᠤ᠂ ᠦᠭᠡᠷᠡᠴᠢᠯᠡᠯᠳᠠ ᠶᠢ ᠪᠦᠬᠦ ᠲᠠᠯ᠎ᠠ ᠪᠡᠷ ᠬᠦᠨᠵᠡᠭᠡᠢᠷᠡᠬᠦᠯᠬᠦ ᠦᠨᠳᠤᠷᠴᠨ ᠡᠴᠨ ᠲᠠᠨᠢᠬᠤ ᠪᠠ ᠬᠠᠨᠳᠤᠵᠤ᠂ ᠠᠵᠢᠯ ᠶᠢᠠᠨ ᠰᠠᠢᠳᠤᠷ ᠬᠢᠬᠦ ᠡᠬᠦᠷᠭᠡ ᠬᠠᠷᠢᠭᠤᠴᠠᠯᠭᠠᠳᠤ ᠰᠡᠳᠬᠢᠯᠭᠡ ᠪᠤᠯᠤᠨ ᠪᠠᠴᠢᠮ ᠲᠤᠯᠭᠠᠮ᠎ᠠ ᠰᠡᠳᠬᠢᠯᠭᠡ ᠶᠢ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠵᠤ᠂ ᠢᠷᠭᠡᠨ ᠤ ᠭᠡᠷᠡᠭ᠂ ᠵᠠᠰᠠᠭ ᠵᠠᠬᠢᠷᠭᠠᠨ ᠤ ᠬᠠᠤᠯᠢ ᠴᠠᠭᠠᠵᠨ ᠶᠢᠨ ᠬᠢᠨᠠᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠡᠷ ᠲᠠᠭᠡᠭᠰᠢᠯᠡᠬᠦᠯᠬᠦ ᠭᠡᠷᠡᠭᠳᠡᠢ᠃ ᠬᠠᠤᠯᠢ ᠭᠡᠷᠡᠭᠵᠢᠬᠦᠯᠬᠦ ᠢᠳᠡᠭᠡᠮᠵᠢ ᠶᠢᠨ ᠬᠦᠴᠤᠯᠡᠴᠨ ᠪᠠᠨ ᠲᠠᠭᠡᠭᠰᠢᠯᠡᠬᠦᠯᠵᠤ᠂ ᠭᠡᠷᠡᠭ ᠤᠨ ᠵᠢᠱᠢᠶ᠎ᠠ ᠶᠢᠨ ᠭᠡᠯᠡᠯᠭᠡ᠂ ᠭᠡᠷᠡᠭ ᠤᠨ ᠵᠢᠱᠢᠶ᠎ᠠ ᠶᠢᠨ ᠤᠬᠠᠭᠤᠯᠭ᠎ᠠ ᠶᠢ ᠪᠠᠷᠢᠮᠳᠠᠯᠠᠨ᠂ ᠲᠦᠪ ᠭᠤᠤᠯᠴᠢ ᠬᠠᠤᠯᠢ ᠪᠡᠷ ᠵᠠᠰᠠᠬᠤ ᠤᠷᠴᠢᠨ ᠲᠤᠭᠤᠷᠢᠨ ᠢ ᠴᠢᠷᠮᠠᠢᠨ ᠪᠦᠳᠤᠭᠡᠨ ᠪᠠᠢᠭᠤᠯᠬᠤ ᠭᠡᠷᠡᠭᠳᠡᠢ᠃ ᠤᠯᠤᠰ ᠲᠦᠷᠤ ᠶᠢᠨ ᠤᠤᠷ ᠴᠢᠨᠠᠷ ᠪᠠ ᠲᠤᠬᠠᠢᠯᠠᠭᠰᠨᠨ ᠠᠵᠢᠯ ᠤᠨ ᠴᠢᠳᠠᠪᠤᠷᠢ ᠶᠢ ᠴᠢᠩᠭᠠᠳᠬᠠᠵᠤ᠂ ᠨᠠᠮ ᠤᠨ ᠬᠤᠷᠢᠶ᠎ᠠ ᠶᠢᠨ ᠰᠠᠨᠠᠭ᠎ᠠ ᠠᠮᠤᠷ᠂ ᠤᠯᠨᠨ ᠲᠦᠮᠨᠨ ᠬᠠᠨᠤᠮᠵᠢᠳᠠᠢ ᠪᠠᠢᠴᠠᠭᠠᠬᠤ ᠡᠩᠨᠡᠭᠡ ᠶᠢ ᠪᠦᠳᠤᠭᠡᠨ ᠪᠠᠢᠭᠤᠯᠬᠤ ᠭᠡᠷᠡᠭᠳᠡᠢ ᠭᠡᠵᠡᠢ᠃

ᠪᠠᠢᠴᠠᠭᠠᠨ ᠰᠤᠳᠤᠯᠬᠤ ᠬᠤᠭᠤᠴᠠᠭᠠᠨ ᠳᠤ᠂ ᠪᠠᠢᠴᠠᠭᠠᠨ ᠰᠤᠳᠤᠯᠬᠤ ᠲᠤᠭᠤᠢᠯᠠᠩ ᠪᠠᠢᠴᠠᠭᠠᠬᠤ ᠬᠤᠷᠢᠶ᠎ᠠ ᠶᠢᠨ ᠤᠢᠯᠡᠴᠢᠯᠡᠭᠡᠨ ᠤ ᠶᠡᠭᠡ ᠲᠢᠩᠬᠢᠮ᠂ ᠭᠡᠷᠡᠭ ᠤᠨ ᠬᠠᠮᠢᠶᠠᠷᠤᠯᠳᠠ ᠶᠢᠨ ᠲᠢᠩᠬᠢᠮ ᠵᠡᠷᠭᠡ ᠭᠠᠵᠠᠷ ᠲᠤ ᠪᠠᠢᠴᠠᠭᠠᠨ ᠰᠤᠳᠤᠯᠤᠯᠳᠠ ᠬᠢᠵᠤ᠂ ᠪᠠᠢᠴᠠᠭᠠᠬᠤ ᠬᠤᠷᠢᠶ᠎ᠠ ᠶᠢᠨ ᠰᠠᠭᠤᠷᠢ ᠪᠦᠳᠤᠭᠡᠨ ᠪᠠᠢᠭᠤᠯᠤᠯᠳᠠ᠂ ᠰᠤᠶᠤᠯ ᠤᠨ ᠪᠦᠳᠤᠭᠡᠨ ᠪᠠᠢᠭᠤᠯᠤᠯᠳᠠ ᠵᠡᠷᠭᠡ ᠡᠯ᠎ᠠ ᠲᠠᠯ᠎ᠠ ᠶᠢᠨ ᠠᠵᠢᠯ ᠦᠷᠨᠢᠬᠦᠯᠦᠭᠰᠨᠨ ᠪᠠᠢᠳᠠᠯ ᠢ ᠤᠢᠯᠠᠭᠠᠭᠰᠨᠨ ᠪᠠᠢᠨ᠎ᠡ᠃


 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠠᠢᠴᠢᠯᠠᠯᠳᠠ ᠪᠠᠢᠷᠢᠯᠠᠭᠤᠯᠤᠯᠳᠠ ᠶᠢᠨ ᠬᠤᠷᠠᠯ ᠬᠤᠷᠠᠯᠳᠤᠭᠰᠨᠨ ᠨᠢ
ᠳᠠᠷᠠᠭᠠᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ 《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠯᠳᠠ ᠦᠷᠨᠢᠬᠦᠯᠦᠭᠰᠨᠨ ᠨᠢ