ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ 《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠯᠳᠠ ᠦᠷᠨᠢᠬᠦᠯᠦᠭᠰᠨᠨ ᠨᠢ
9 ᠰᠠᠷ᠎ᠠ ᠶᠢᠨ 19᠋ ᠤᠨ ᠡᠳᠤᠷ᠂ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠦᠨᠳᠤᠰᠤᠨ ᠬᠠᠤᠯᠢ ᠪᠠ ᠬᠠᠤᠯᠢ ᠴᠠᠭᠠᠵᠨ ᠶᠢᠨ ᠠᠵᠢᠯ ᠤᠨ ᠵᠦᠪᠯᠡᠯ ᠤᠨ ᠡᠷᠬᠢᠯᠡᠭᠴᠢ ᠯᠢᠤ ᠹᠦ᠋ ᠬᠦᠢ ᠪᠠᠢᠴᠠᠭᠠᠬᠤ ᠲᠤᠭᠤᠢᠯᠠᠩ ᠢ ᠲᠠᠭᠠᠭᠤᠯᠤᠨ ᠮᠠᠨ ᠤ ᠬᠤᠰᠢᠭᠤᠨ ᠤ《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠲᠤᠭᠤᠰᠢᠭᠤᠯᠤᠭᠳᠠᠨ ᠭᠡᠷᠡᠭᠵᠢᠬᠦᠯᠦᠭᠳᠡᠭᠰᠨᠨ ᠪᠠᠢᠳᠠᠯ ᠳᠤ ᠬᠠᠤᠯᠢ ᠭᠡᠷᠡᠭᠵᠢᠬᠦᠯᠤᠯᠳᠠ ᠶᠢᠨ ᠪᠠᠢᠴᠠᠭᠠᠯᠳᠠ ᠬᠢᠪᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠦᠷᠡᠪᠡᠳᠤ᠂ᠲᠠᠳ᠋ ᠬᠤᠰᠢᠭᠤᠨ ᠲᠠᠷᠤᠭ᠎ᠠ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠲᠠᠷᠤᠭ᠎ᠠ ᠰᠠᠢᠨᠪᠠᠶᠠᠷ ᠵᠢᠴᠢ ᠬᠠᠮᠢᠶ᠎ᠠ ᠪᠦᠬᠦᠢ ᠪᠠᠢᠭᠤᠯᠭ᠎ᠠ ᠶᠢᠨ ᠬᠠᠷᠢᠭᠤᠴᠠᠯᠭᠠᠳᠠᠳ ᠪᠠᠷ᠎ᠠ ᠪᠤᠯᠤᠨ ᠪᠠᠢᠴᠠᠭᠠᠪᠠ᠃


ᠪᠠᠢᠴᠠᠭᠠᠬᠤ ᠲᠤᠭᠤᠢᠯᠠᠩ ᠤᠷᠢᠳ ᠬᠤᠵᠢᠳ ᠦᠪᠤᠷ ᠮᠤᠩᠭᠤᠯ ᠤᠨ ᠪᠠᠩ ᠵᠢᠶᠸ ᠢᠳᠡᠭᠡᠨ ᠤ ᠬᠢᠵᠠᠭᠠᠷᠳᠤ ᠺᠤᠮᠫᠠᠨᠢ᠂ ᠬᠤᠰᠢᠭᠤᠨ ᠤ ᠠᠷᠠᠳ ᠤᠨ ᠪᠠᠢᠴᠠᠭᠠᠬᠤ ᠬᠤᠷᠢᠶ᠎ᠠ᠂ ᠵᠠᠷᠤᠤᠨ ᠬᠤᠰᠢᠭᠤᠨ ᠤ ᠨᠢᠭᠡᠳᠤᠭᠡᠷ ᠲᠤᠮᠳᠠᠳᠤ ᠰᠤᠷᠭᠠᠭᠤᠯᠢ ᠵᠡᠷᠭᠡ ᠪᠤᠳᠠᠳᠠᠢ ᠭᠠᠵᠠᠷ ᠲᠤ ᠬᠦᠷᠴᠤ ᠪᠠᠢᠴᠠᠭᠠᠨ ᠦᠵᠡᠬᠦ᠂ ᠲᠠᠨᠢᠯᠴᠠᠭᠤᠯᠭ᠎ᠠ ᠶᠢ ᠰᠤᠨᠤᠰᠬᠤ᠂ ᠤᠯᠤᠰ ᠤᠨ ᠲᠤᠭ ᠮᠠᠨᠳᠤᠭᠤᠯᠵᠤ ᠤᠯᠤᠰ ᠤᠨ ᠲᠠᠭᠤᠤ ᠬᠦᠭᠵᠢᠮᠳᠡᠬᠦ ᠭᠡᠯᠪᠡᠷᠢ ᠪᠡᠷ ᠲᠠᠮᠵᠢᠨ᠂ ᠤᠯᠤᠰ ᠤᠨ ᠲᠤᠭ ᠤᠨ ᠬᠠᠭᠤᠴᠢᠷᠠᠭᠰᠨᠨ᠂ ᠬᠬᠢᠷᠳᠤᠵᠤ ᠡᠪᠳᠡᠷᠡᠭᠰᠡᠡ᠂ ᠦᠩᠭᠡ ᠤᠨᠠᠭᠰᠨᠨ ᠪᠤᠶᠤ ᠪᠠᠷᠢᠮᠵᠢᠶ᠎ᠠ ᠳᠤ ᠦᠯᠤ ᠬᠦᠷᠦᠭᠰᠨᠨ ᠡᠰᠡᠬᠦ᠂ ᠤᠯᠤᠰ ᠤᠨ ᠲᠤᠭ ᠤᠨ ᠤᠷᠤᠨ ᠪᠠᠢᠷᠢ ᠨᠢ ᠲᠤᠬᠢᠳᠠᠢ ᠡᠰᠡᠬᠦ᠂ ᠲᠤᠭᠳᠠᠭᠠᠯ ᠶᠤᠰᠤᠭᠠᠷ ᠤᠯᠤᠰ ᠤᠨ ᠲᠤᠭ ᠢ ᠮᠠᠨᠳᠤᠭᠤᠯᠵᠤ ᠪᠠᠭᠤᠯᠭᠠᠵᠤ ᠪᠠᠢᠭ᠎ᠠ ᠡᠰᠡᠬᠦ ᠵᠡᠷᠭᠡ ᠪᠠᠢᠳᠠᠯ ᠳᠤ ᠨᠠᠷᠢᠨ ᠬᠢᠨᠠᠮᠠᠭᠠᠢ ᠪᠠᠢᠴᠠᠭᠠᠯᠳᠠ ᠬᠢᠭᠰᠡᠡ ᠪᠠᠢᠨ᠎ᠡ᠃
ᠪᠤᠳᠠᠳᠠᠢ ᠭᠠᠵᠠᠷ ᠤᠨ ᠪᠠᠢᠴᠠᠭᠠᠯᠳᠠ ᠲᠠᠭᠤᠰᠤᠭᠰᠨᠨ ᠤ ᠲᠠᠷᠠᠭ᠎ᠠ ᠰᠠᠭᠤᠳᠠᠯ ᠤᠨ ᠬᠤᠷᠠᠯ ᠬᠤᠷᠠᠯᠳᠤᠭᠤᠯᠪᠠ᠂ ᠰᠠᠢᠨᠪᠠᠶᠠᠷ ᠡᠴᠨ ᠮᠠᠨ ᠤ ᠬᠤᠰᠢᠭᠤᠨ ᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ ᠭᠡᠷᠡᠭᠵᠢᠬᠦᠯᠦᠭᠰᠨᠨ ᠪᠠᠢᠳᠠᠯ ᠤᠨ ᠲᠤᠬᠠᠢ ᠮᠡᠳᠡᠬᠦᠯᠤᠯᠳᠠ ᠬᠢᠪᠡ᠃ ᠯᠢᠤ ᠹᠦ᠋ ᠬᠦᠢ ᠱᠠᠭᠠᠷᠳᠠᠭᠰᠨᠨ ᠨᠢ᠂ᠵᠠᠷᠤᠤᠨ ᠬᠤᠰᠢᠭᠤ《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠤᠨ ᠤᠬᠠᠭᠤᠯᠭ᠎ᠠ ᠶᠢᠨ ᠬᠦᠴᠤᠨ ᠶᠢᠠᠨ ᠤᠯᠠᠮ ᠨᠢᠭᠡ ᠠᠯᠬᠤᠮ ᠨᠡᠮᠡᠭᠳᠡᠬᠦᠯᠵᠤ᠂ ᠠᠷᠠᠳ ᠢᠷᠭᠡᠳ ᠤᠨ ᠤᠯᠤᠰ ᠤᠨ ᠤᠢᠯᠠᠭᠠᠭᠳᠠᠬᠤᠨ᠂ ᠤᠯᠤᠰ ᠤᠨ ᠲᠤᠭ ᠤᠨ ᠦᠵᠡᠯ ᠤᠬᠠᠮᠰᠠᠷ ᠪᠤᠯᠤᠨ ᠤᠯᠤᠰ ᠤᠨ ᠲᠤᠭ ᠤᠨ ᠬᠠᠤᠯᠢ ᠲᠦᠷᠢᠮ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠪᠦᠬᠦ ᠨᠡᠢᠭᠡᠮ ᠶᠢᠠᠷ ᠶᠢᠠᠨ ᠤᠯᠤᠰ ᠤᠨ ᠲᠤᠭ ᠢ ᠬᠦᠨᠳᠤᠳᠭᠡᠬᠦ ᠪᠠ ᠬᠠᠢᠷᠠᠯᠠᠬᠤ ᠰᠠᠢᠨ ᠰᠠᠢᠬᠠᠨ ᠪᠠᠢᠳᠠᠯ ᠢ ᠪᠤᠢ ᠪᠤᠯᠭᠠᠬᠤ ᠭᠡᠷᠡᠭᠳᠡᠢ᠃ ᠲᠤᠰ ᠠᠵᠢᠯ ᠢ ᠲᠤᠰᠬᠠᠢ ᠬᠦᠮᠤᠨ ᠶᠢᠠᠷ ᠬᠠᠷᠢᠭᠤᠴᠠᠭᠤᠯᠤᠨ᠂ ᠤᠯᠤᠰ ᠤᠨ ᠲᠤᠭ ᠮᠠᠨᠳᠤᠭᠤᠯᠬᠤ ᠲᠦᠬᠦᠭᠡᠷᠤᠮᠵᠢ ᠶᠢᠨ ᠡᠳᠤᠷ ᠲᠤᠳᠤᠮ ᠤᠨ ᠬᠠᠮᠠᠭᠠᠯᠠᠯᠳᠠ ᠶᠢᠨ ᠠᠵᠢᠯ ᠢ ᠰᠠᠢᠳᠤᠷ ᠬᠢᠵᠤ᠂ᠲᠦᠭᠡᠷᠤᠮᠵᠢ ᠶᠢᠨ ᠪᠠᠬᠢᠯᠢᠭ᠂ ᠠᠶᠤᠯᠬᠦᠢ ᠶᠢ ᠪᠠᠳᠤᠯᠠᠬᠤ ᠭᠡᠷᠡᠭᠳᠡᠢ᠃《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠲᠤᠭᠳᠠᠭᠠᠯ ᠶᠤᠰᠤᠭᠠᠷ᠂ ᠤᠷᠳᠤ ᠬᠤᠭᠤᠴᠠᠭᠠᠨ ᠤ ᠬᠦᠴᠤᠲᠠᠢ ᠲᠤᠭᠳᠠᠯᠴᠠᠭ᠎ᠠ ᠶᠢ ᠪᠠᠢᠭᠤᠯᠤᠨ᠂ ᠤᠯᠤᠰ ᠤᠨ ᠲᠤᠭ ᠢ ᠮᠠᠨᠳᠤᠭᠤᠯᠬᠤ᠂ ᠭᠡᠷᠡᠭᠯᠡᠯᠳᠠ ᠶᠢᠨ ᠬᠠᠮᠢᠶᠠᠷᠤᠯᠳᠠ ᠶᠢᠨ ᠬᠢᠨᠠᠨ ᠵᠢᠯᠤᠭᠤᠳᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠢᠴᠠᠭᠠᠯᠳᠠ ᠪᠡᠷ ᠢᠯᠡᠷᠡᠬᠦᠯᠦᠭᠰᠨᠨ ᠠᠰᠠᠭᠤᠳᠠᠯ ᠢ ᠲᠠᠷᠤᠢ ᠳᠤ ᠴᠡᠭᠴᠡᠯᠨᠵᠤ ᠦᠭᠡᠷᠡᠴᠢᠯᠠᠨ᠂《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠲᠤᠭᠤᠰᠢᠭᠤᠯᠤᠭᠳᠠᠨ ᠭᠡᠷᠡᠭᠵᠢᠬᠦᠯᠦᠭᠳᠡᠬᠦ ᠶᠢ ᠦᠨᠡᠨᠬᠦ ᠬᠦᠨᠵᠡᠭᠡᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃
ᠯᠢᠤ ᠹᠦ᠋ ᠬᠦᠢ ᠴᠢᠩᠭᠠᠳᠬᠠᠭᠰᠨᠨ ᠨᠢ᠂ ᠤᠯᠤᠰ ᠤᠨ ᠲᠤᠭ ᠪᠤᠯ ᠤᠯᠤᠰ ᠭᠡᠷ ᠤᠨ ᠪᠡᠯᠭᠡ ᠲᠠᠮᠳᠡᠭ᠌ ᠮᠦᠷᠳᠡᠭᠡᠨ ᠰᠢᠨᠵᠢ ᠲᠠᠮᠳᠡᠭ᠌ ᠮᠦᠨ᠂ ᠤᠯᠤᠰ ᠭᠡᠷ ᠤᠨ ᠨᠠᠷᠠ ᠬᠦᠨᠳᠤ ᠪᠠ ᠲᠦᠷᠢ ᠲᠦᠷᠬᠦ ᠲᠠᠢ ᠬᠤᠯᠪᠤᠭᠳᠠᠨ᠎ᠠ᠂《ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠡᠯ᠎ᠠ ᠲᠦᠷᠤᠯ ᠤᠨ ᠲᠦᠷᠢᠮ ᠲᠤᠭᠳᠠᠭᠠᠯ ᠢ ᠤᠯᠠᠮ ᠨᠢᠭᠡ ᠠᠯᠬᠤᠮ ᠰᠠᠢᠳᠤᠷ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠠᠷᠠᠳ ᠤᠯᠠᠨ ᠤ ᠤᠯᠤᠰ ᠤᠨ ᠲᠤᠬᠠᠢ ᠤᠬᠠᠭᠳᠠᠬᠤᠨ ᠪᠠ ᠡᠭᠡ ᠤᠷᠤᠨᠴᠢ ᠦᠵᠡᠯ ᠤᠬᠠᠮᠰᠠᠷ᠂ ᠤᠯᠤᠰ ᠤᠨ ᠲᠤᠭ ᠤᠨ ᠨᠠᠷᠠ ᠬᠦᠨᠳᠤ ᠶᠢ ᠬᠠᠮᠠᠭᠠᠯᠠᠬᠤ ᠶᠢ ᠴᠢᠩᠭᠠᠷᠠᠭᠤᠯᠬᠤ ᠭᠡᠷᠡᠭᠳᠡᠢ ᠭᠡᠵᠡᠢ᠃