ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠢ᠎ᠠ ᠶᠢᠨ ᠪᠠᠢᠭᠤᠯᠭ᠎ᠠ《ᠤᠬ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠰᠢᠷᠢᠰ ᠠᠵᠢᠯᠯᠠᠭ᠎ᠠ ᠦᠷᠨᠢᠬᠦᠯᠦᠭᠰᠨᠨ ᠨᠢ


ᠬᠤᠰᠢᠭᠤᠨ ᠤ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠡᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠤᠨ ᠲᠦᠰᠤᠯ ᠤᠨ ᠱᠠᠭᠠᠷᠳᠠᠯᠭ᠎ᠠ ᠶᠢ ᠬᠦᠨᠵᠡᠭᠡᠢ ᠲᠤᠭᠤᠰᠢᠯᠠᠭᠤᠯᠵᠤ᠂ ᠪᠠᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠢ ᠤᠳᠤᠷᠢᠳᠴᠤ ᠲᠠᠭᠠᠭᠤᠯᠤᠨ ᠨᠠᠮ ᠤᠨ ᠲᠦᠷᠢᠮ ᠲᠤᠭᠳᠠᠭᠠᠯ ᠢ ᠬᠠᠷᠭᠤᠭᠤᠯᠵᠤ᠂ ᠠᠰᠠᠭᠤᠳᠠᠯ ᠶᠢᠠᠨ ᠡᠷᠢᠯᠬᠢᠯᠡᠬᠦ ᠶᠢᠨ ᠲᠦᠯᠤᠭᠡ᠂ 9 ᠰᠠᠷ᠎ᠠ ᠶᠢᠨ 23᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠪᠦᠬᠦ ᠨᠠᠮ ᠤᠨ ᠭᠡᠰᠢᠬᠦᠨ ᠢ ᠵᠤᠬᠢᠶᠠᠨ ᠪᠠᠢᠭᠤᠯᠵᠤ᠂《ᠨᠠᠮ ᠤᠨ ᠲᠦᠷᠢᠮ ᠲᠤᠭᠳᠠᠭᠠᠯ ᠢ ᠪᠠᠳᠤ ᠴᠡᠭᠡᠵᠢᠯᠡᠵᠤ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠶᠢ ᠡᠷᠡᠰ ᠰᠠᠬᠢᠬᠤ》ᠲᠤᠰᠬᠠᠢ ᠰᠡᠳᠤᠪᠳᠤ ᠪᠠᠷᠢᠮᠳᠠᠳᠤ ᠺᠢᠨᠤ᠋ ᠶᠢ ᠦᠵᠡᠵᠤ᠂ ᠪᠠᠢᠭᠤᠯᠭ᠎ᠠ ᠶᠢᠨ ᠨᠠᠮ ᠤᠨ ᠡᠬᠦᠷ ᠤᠨ ᠱᠦᠵᠢ ᠯᠢ ᠴᠸᠩ ᠬᠦᠸᠸ ᠬᠤᠷᠠᠯ ᠡᠷᠬᠢᠯᠡᠪᠡ᠃



 ᠬᠤᠷᠠᠯ ᠲᠠᠭᠡᠷ᠎ᠠ᠂ ᠯᠢ ᠴᠸᠩ ᠬᠦᠸᠸ ᠵᠢᠭᠠᠵᠤ ᠭᠠᠷᠭᠠᠭᠰᠠᠨ ᠨᠢ᠂ᠪᠠᠢᠭᠤᠯᠭ᠎ᠠ ᠶᠢᠨ ᠪᠦᠬᠦ ᠨᠠᠮ ᠤᠨ ᠭᠡᠰᠢᠬᠦᠨ ᠨᠠᠮ ᠤᠨ ᠲᠦᠷᠢᠮ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠶᠢ ᠬᠠᠷᠭᠤᠭᠤᠯᠵᠤ᠂ ᠠᠰᠠᠭᠤᠳᠠᠯ ᠳᠤ ᠵᠦᠪ ᠶᠢᠠᠷ ᠬᠠᠨᠳᠤᠬᠤ ᠤᠬᠠᠮᠰᠠᠷ ᠪᠠ ᠰᠦᠰᠤ ᠵᠤᠷᠢᠭ ᠶᠢᠠᠷ᠂ ᠡᠯ᠎ᠠ ᠵᠤᠢᠯ ᠤᠨ ᠤᠭ ᠰᠠᠨᠠᠭ᠎ᠠ ᠪᠤᠯᠤᠨ ᠡᠬᠦᠷᠭᠡ ᠬᠠᠷᠢᠭᠤᠴᠠᠯᠭ᠎ᠠ ᠶᠢ ᠵᠦᠷᠢᠴᠡᠭᠰᠨᠨ ᠠᠰᠠᠭᠤᠳᠠᠯ ᠢ ᠪᠦᠬᠦ ᠲᠠᠯ᠎ᠠ ᠪᠡᠷ ᠡᠷᠢᠨ᠂ ᠨᠠᠮ ᠤᠨ ᠭᠡᠰᠢᠬᠦᠨ ᠤᠳᠤᠷᠢᠳᠬᠤ ᠺᠠᠳ᠋ᠷ ᠤᠨ ᠦᠵᠡᠯ ᠤᠬᠠᠮᠰᠠᠷ᠂ᠨᠠᠮ ᠤᠨ  ᠨᠠᠮ ᠤᠨ ᠭᠡᠰᠢᠬᠦᠨ ᠤ ᠤᠬᠠᠮᠰᠠᠷ᠂ᠰᠠᠬᠢᠯᠭ᠎ᠠ ᠪᠠᠳᠤ ᠶᠢᠨ ᠤᠬᠠᠮᠰᠠᠷ ᠢ ᠲᠠᠰᠤᠷᠠᠯᠳᠠ ᠦᠭᠡᠢ ᠴᠢᠩᠭᠠᠷᠠᠭᠤᠯᠵᠤ᠂ ᠤᠯᠤᠰ ᠲᠦᠷᠤ ᠶᠢᠨ ᠠᠬᠤᠢ ᠪᠠᠢᠳᠠᠯ᠂ ᠦᠵᠡᠯ ᠰᠠᠨᠠᠭᠠᠨ ᠤ ᠠᠬᠤᠢ ᠪᠠᠢᠳᠠᠯ᠂ ᠶᠤᠰᠤ ᠮᠤᠷᠠᠯ ᠤᠨ ᠠᠬᠤᠢ ᠪᠠᠢᠳᠠᠯ ᠢ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ᠃ ᠠᠵᠢᠯ ᠤᠨ ᠪᠤᠳᠠᠳᠠᠢ ᠲᠠᠢ  ᠪᠠᠨ ᠤᠶᠠᠯᠳᠤᠭᠤᠯᠤᠨ᠂ ᠦᠪᠡᠷ ᠤᠨ ᠪᠠᠶ᠎ᠠ ᠳᠡᠭᠡᠨ ᠤᠷᠤᠰᠢᠵᠤ ᠪᠠᠢᠭ᠎ᠠ ᠠᠰᠠᠭᠤᠳᠠᠯ ᠢ ᠡᠷᠢᠨ᠂ ᠠᠰᠠᠭᠤᠳᠠᠯ ᠤᠨ ᠦᠨᠳᠤᠰᠤ ᠶᠢ ᠬᠦᠨᠵᠡᠭᠡᠢ ᠵᠠᠳᠠᠯᠤᠨ ᠰᠢᠨᠵᠢᠵᠤ᠂ ᠨᠠᠮ ᠤᠨ ᠡᠬᠦᠷ ᠡᠴᠨ ᠤᠢᠷ᠎ᠠ ᠳᠤ ᠲᠤᠰᠬᠠᠢ ᠴᠠᠭ ᠲᠤᠬᠢᠷᠠᠭᠤᠯᠤᠨ᠂ ᠨᠠᠮ ᠤᠨ ᠲᠦᠷᠢᠮ ᠲᠤᠭᠳᠠᠭᠠᠯ ᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯᠳᠤᠭᠠᠨ ᠬᠤᠷᠠᠯᠳᠤᠭᠤᠯᠵᠤ ᠲᠦᠪᠯᠡᠷᠡᠭᠰᠨᠨ ᠶᠠᠷᠢᠯᠴᠠᠭ᠎ᠠ ᠦᠷᠨᠢᠬᠦᠯᠤᠨ᠎ᠡ ᠭᠡᠵᠡᠢ᠃

ᠡᠮᠦᠨᠡᠬᠢ᠄ ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠴᠠᠭᠠᠬᠤ ᠲᠤᠭᠤᠢᠯᠠᠩ ᠮᠠᠨ ᠤ ᠬᠤᠰᠢᠭᠤᠨ ᠳᠤ ᠢᠷᠡᠵᠤ 《 ᠪᠦᠬᠦᠳᠠ ᠨᠠᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ》᠋ ᠶᠢᠨ ᠬᠠᠤᠯᠢ ᠭᠡᠷᠡᠭᠵᠢᠬᠦᠯᠦᠯᠳᠠ ᠶᠢᠨ ᠪᠠᠢᠴᠠᠭᠠᠯᠳᠠ ᠦᠷᠨᠢᠬᠦᠯᠦᠭᠰᠨᠨ ᠨᠢ
ᠳᠠᠷᠠᠭᠠᠬᠢ᠄ ᠰᠢᠯᠢᠩᠭᠤᠤᠯ ᠠᠢᠮᠠᠭ ᠤᠨ ᠵᠡᠬᠦᠨ ᠦᠵᠤᠮᠤᠴᠢᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠡᠵᠢ ᠨᠠᠭᠤᠷ ᠪᠠᠯᠭᠠᠰᠤᠨ ᠤ ᠬᠤᠰᠢᠭᠤᠨ ᠲᠠᠰ ᠤᠨ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠪᠠᠢᠴᠠᠭᠠᠭᠰᠨᠨ ᠨᠢ