ᠰᠢᠯᠢᠩᠭᠤᠤᠯ ᠠᠢᠮᠠᠭ ᠤᠨ ᠵᠡᠬᠦᠨ ᠦᠵᠤᠮᠤᠴᠢᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠡᠴᠨ ᠡᠵᠢ ᠨᠠᠭᠤᠷ ᠪᠠᠯᠭᠠᠰᠤᠨ ᠤ ᠬᠤᠰᠢᠭᠤᠨ ᠲᠠᠰ ᠤᠨ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠪᠠᠢᠴᠠᠭᠠᠭᠰᠨᠨ ᠨᠢ
9 ᠰᠠᠷ᠎ᠠ ᠶᠢᠨ22᠋ ᠤ ᠡᠳᠤᠷ᠂ᠰᠢᠯᠢᠩᠭᠤᠤᠯ ᠠᠢᠮᠠᠭ ᠤᠨ ᠵᠡᠬᠦᠨ ᠦᠵᠤᠮᠤᠴᠢᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠡᠴᠨ ᠡᠵᠢ ᠨᠠᠭᠤᠷ ᠪᠠᠯᠭᠠᠰᠤᠨ ᠤ ᠬᠤᠰᠢᠭᠤᠨ ᠲᠠᠰ ᠤᠨ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ ᠮᠠᠨ ᠤ ᠬᠤᠰᠢᠭᠤᠨ ᠳᠤ ᠢᠷᠡᠵᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠪᠤᠯᠤᠨ ᠬᠤᠷᠰᠢᠶᠠᠵᠢᠯ ᠤᠨ ᠡᠵᠡᠩᠨᠡᠯᠳᠠ ᠶᠢᠨ ᠭᠡᠯᠪᠡᠷᠢ ᠳᠤ ᠪᠠᠢᠴᠠᠭᠠᠯᠳᠠ ᠬᠢᠭᠰᠡᠡ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠬᠠᠷᠢᠯᠴᠠᠬᠤ ᠠᠵᠢᠯ ᠤᠨ ᠵᠦᠪᠯᠡᠯ ᠤᠨ ᠡᠷᠬᠢᠯᠡᠭᠴᠢ ᠮᠦᠩᠭᠡᠪᠠᠳᠤ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠵᠦᠪᠯᠡᠯ ᠤᠨ ᠡᠷᠬᠢᠯᠡᠭᠴᠢ ᠤᠶᠤᠨᠪᠢᠯᠢᠭ᠌᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠤᠩᠭᠤᠭᠤᠯᠢ ᠶᠢᠨ ᠶᠠᠪᠤᠳᠠᠯ ᠤᠨ ᠲᠦᠯᠤᠭᠡᠯᠡᠭᠴᠢᠳ ᠤᠨ ᠬᠠᠷᠢᠯᠴᠠᠬᠤ ᠠᠵᠢᠯ ᠤᠨ ᠵᠦᠪᠯᠡᠯ ᠤᠨ ᠺᠠᠳ᠋ᠷ ᠰᠤᠷᠭᠠᠯᠳᠤ ᠪᠠᠷ᠎ᠠ ᠪᠤᠯᠤᠨ ᠪᠠᠢᠴᠠᠭᠠᠪᠠ᠃

ᠪᠠᠢᠴᠠᠭᠠᠬᠤ ᠪᠦᠯᠬᠦᠮ ᠤᠷᠢᠳ ᠬᠤᠵᠢᠳ ᠮᠠᠯᠴᠢᠨ ᠠᠢᠯ ᠦᠭᠡᠷ ᠲᠠᠵᠢᠭᠡᠬᠦ ᠲᠤᠰᠬᠠᠢ ᠬᠤᠷᠰᠢᠶᠠᠵᠢᠯ ᠤᠨ ᠤᠢᠯᠡᠳᠪᠤᠷᠢᠯᠡᠯ ᠤᠨ ᠲᠠᠰᠤᠭ᠂ ᠮᠠᠯᠴᠢᠨ ᠠᠢᠯ ᠦᠭᠡᠷ ᠲᠠᠵᠢᠭᠡᠬᠦ ᠲᠤᠰᠬᠠᠢ ᠬᠤᠷᠰᠢᠶᠠᠵᠢᠯ ᠤᠨ ᠲᠠᠵᠢᠭᠡᠨ ᠦᠷᠡᠵᠢᠬᠦᠯᠬᠦ ᠰᠠᠭᠤᠷᠢᠨ ᠭᠠᠵᠠᠷ᠂ ᠲᠤᠯᠤᠳᠤ ᠰᠤᠮᠤ ᠶᠢᠨ ᠡᠮᠤᠨ᠎ᠡ ᠪᠤᠯᠠᠭᠳᠤ ᠪᠠᠯᠠᠷ ᠡᠷᠳᠡᠨ ᠤ ᠮᠦᠽᠸᠢ ᠵᠡᠷᠭᠡ ᠭᠠᠵᠠᠷ ᠲᠤ ᠪᠠᠢᠴᠠᠭᠠᠯᠳᠠ ᠬᠢᠵᠤ᠂ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠪᠤᠯᠤᠨ ᠬᠤᠷᠰᠢᠶᠠᠵᠢᠯ ᠤᠨ ᠡᠵᠡᠩᠨᠡᠯᠳᠠ ᠶᠢᠨ ᠭᠡᠯᠪᠡᠷᠢ ᠵᠡᠷᠭᠡ ᠪᠠᠢᠳᠠᠯ ᠢ ᠨᠠᠷᠢᠨ ᠤᠢᠯᠠᠭᠠᠪᠠ᠃ ᠪᠠᠢᠴᠠᠭᠠᠬᠤ ᠪᠦᠯᠬᠦᠮ ᠦᠵᠡᠬᠦ ᠶᠢᠨ ᠬᠠᠮᠳᠤ ᠠᠰᠠᠭᠤᠵᠤ ᠯᠠᠪᠯᠠᠨ᠂ᠲᠠᠨᠢᠯᠴᠠᠭᠤᠯᠭ᠎ᠠ ᠶᠢ ᠨᠠᠷᠢᠯᠢᠭ ᠰᠤᠨᠤᠰᠴᠤ᠂ ᠰᠠᠭᠤᠳᠠᠯ ᠤᠨ ᠬᠤᠷᠠᠯ ᠳᠤ ᠤᠷᠤᠯᠴᠠᠨ᠂ ᠬᠤᠷᠰᠢᠶᠠᠵᠢᠯ᠂ᠲᠦᠷᠢᠮᠵᠢᠯ ᠤᠨ ᠪᠦᠳᠤᠭᠡᠨ ᠪᠠᠢᠭᠤᠯᠤᠯᠳᠠ᠂ ᠤᠢᠯᠡᠳᠪᠤᠷᠢᠯᠡᠯ ᠤᠨ ᠡᠵᠡᠩᠨᠡᠯᠳᠠ ᠵᠡᠷᠭᠡ ᠪᠠᠢᠳᠠᠯ ᠢ ᠨᠠᠷᠢᠨ ᠤᠢᠯᠠᠭᠠᠭᠰᠨᠨ ᠪᠠᠢᠨ᠎ᠡ᠃


ᠪᠠᠢᠴᠠᠭᠠᠬᠤ ᠪᠦᠯᠬᠦᠮ ᠡᠴᠨ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠦᠭᠵᠢᠯᠳᠠ ᠶᠢᠨ ᠪᠠᠢᠳᠠᠯ ᠳᠤ ᠦᠨᠳᠤᠷ ᠦᠨᠡᠯᠡᠯᠳᠠ ᠦᠭᠬᠦᠭᠰᠨᠨ ᠪᠠᠢᠨ᠎ᠡ᠃ ᠲᠤᠰ ᠤᠳᠠᠭᠠᠨ ᠤ ᠪᠠᠢᠴᠠᠭᠠᠯᠳᠠ ᠪᠡᠷ ᠲᠠᠮᠵᠢᠨ᠂ ᠮᠠᠯ ᠠᠵᠤ ᠠᠬᠤᠢ ᠶᠢᠨ ᠠᠵᠤ ᠤᠢᠯᠡᠰ ᠤᠨ ᠭᠡᠪᠴᠢᠶᠡᠵᠢᠯᠳᠠ᠂ ᠪᠠᠷᠢᠮᠵᠢᠶᠠᠵᠢᠭᠤᠯᠤᠯᠳᠠ᠂ ᠠᠮᠢ ᠠᠬᠤᠢᠴᠢᠯᠠᠯᠳᠠ ᠪᠠ ᠤᠶᠤᠨᠴᠢᠯᠠᠯᠳᠠ ᠶᠢᠨ ᠲᠠᠯᠠᠷᠬᠢ ᠤᠢᠯᠠᠭᠠᠯᠳᠠ ᠤᠯᠠᠮ ᠨᠢᠭᠡ ᠠᠯᠬᠤᠮ ᠨᠡᠮᠡᠭᠳᠡᠵᠤ᠂ ᠮᠢᠬᠠᠨ ᠤ ᠦᠭᠡᠷ ᠲᠠᠵᠢᠭᠡᠵᠤ ᠦᠷᠡᠵᠢᠬᠦᠯᠬᠦ + ᠤᠢᠯᠡᠳᠪᠤᠷᠢᠯᠡᠬᠦ + ᠪᠤᠷᠤᠯᠠᠭᠤᠯᠬᠤ ᠵᠡᠷᠭᠡ ᠤᠷᠤᠭᠰᠢᠯᠠᠭᠰᠨᠨ ᠭᠡᠯᠪᠡᠷᠢ ᠪᠠ ᠰᠠᠢᠨ ᠲᠤᠷᠰᠢᠯᠭ᠎ᠠ᠂ ᠰᠠᠢᠨ ᠠᠷᠭ᠎ᠠ ᠪᠡᠷ ᠲᠤᠯᠢ ᠪᠤᠯᠭᠠᠨ᠂ ᠡᠵᠢ ᠨᠠᠭᠤᠷ ᠪᠠᠯᠭᠠᠰᠤ᠂ ᠴᠢᠨᠠᠭᠰᠢᠯᠠᠭᠠᠳ ᠪᠦᠬᠦ ᠬᠤᠰᠢᠭᠤᠨ ᠤ ᠮᠠᠯ ᠠᠵᠤ ᠠᠬᠤᠢ ᠶᠢᠨ ᠭᠡᠯᠪᠡᠷᠢ ᠬᠤᠪᠢᠷᠠᠭᠠᠨ ᠲᠠᠰ ᠲᠠᠪᠰᠢᠬᠦᠯᠬᠦ ᠪᠦᠳᠤᠭᠡᠨ ᠪᠠᠢᠭᠤᠯᠤᠯᠳᠠ ᠳᠤ ᠠᠷᠠᠳ ᠤᠨ ᠲᠦᠯᠤᠭᠡᠯᠡᠭᠴᠢ ᠶᠢᠨ ᠤᠢᠯᠡᠳᠤᠯ ᠶᠢᠠᠨ ᠰᠠᠢᠳᠤᠷ ᠪᠠᠳᠠᠷᠠᠭᠤᠯᠤᠨ᠎ᠡ ᠭᠡᠵᠤ ᠢᠯᠡᠷᠭᠡᠢᠯᠡᠭᠰᠨᠨ ᠪᠠᠢᠨ᠎ᠡ᠃