ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠳᠤ ᠢᠷᠡᠵᠤ ᠠᠵᠢᠯ ᠵᠢᠯᠤᠭᠤᠳᠤᠭᠰᠨᠨ ᠨᠢ
9 ᠰᠠᠷ᠎ᠠ ᠶᠢᠨ24᠋ ᠤ ᠡᠳᠤᠷ ᠤᠨ ᠦᠳᠡ ᠶᠢᠨ ᠬᠤᠢᠨ᠎ᠡ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠳᠤ ᠲᠤᠮᠢᠯᠠᠨ ᠰᠠᠭᠤᠭ᠎ᠠ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠮᠤ ᠶᠦᠩ ᠴᠦᠨ᠂ ᠲᠠᠳ᠋ ᠲᠤᠭᠤᠢᠯᠠᠩ ᠤᠨ ᠲᠠᠷᠤᠭ᠎ᠠ ᠯᠠᠨ ᠹᠸᠩ ᠰᠢ ᠨᠠᠷ ᠬᠤᠰᠢᠭᠤᠨ ᠤ ᠨᠠᠮ ᠤᠨ ᠬᠤᠷᠢᠶ᠎ᠠ ᠶᠢᠨ ᠪᠠᠢᠩᠭᠤ ᠶᠢᠨ ᠬᠤᠷᠢᠶ᠎ᠠ᠂ ᠵᠤᠬᠢᠶᠠᠨ ᠪᠠᠢᠭᠤᠯᠬᠤ ᠭᠡᠯᠳᠡᠰ ᠤᠨ ᠲᠠᠷᠤᠭ᠎ᠠ ᠵᠠᠩ ᠬᠠᠨ ᠰᠦᠩ ᠤᠨ ᠪᠠᠷ᠎ᠠ ᠪᠤᠯᠤᠯᠭ᠎ᠠ ᠪᠡᠷ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠳᠤ ᠢᠷᠡᠵᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠤᠨ ᠠᠬᠢᠴᠨ ᠶᠢᠨ ᠪᠠᠢᠳᠠᠯ ᠳᠤ ᠵᠢᠯᠤᠭᠤᠳᠤᠯᠭ᠎ᠠ ᠬᠢᠭᠰᠡᠡ ᠪᠠᠢᠨ᠎ᠡ᠃ ᠬᠤᠳᠠ ᠶᠢᠨ ᠨᠠᠮ ᠤᠨ ᠬᠤᠷᠢᠶ᠎ᠠ ᠶᠢᠨ ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠡᠴᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠪᠠᠶᠠᠨᠰᠠᠩ ᠤᠨ ᠭᠤᠤᠯ ᠰᠡᠳᠤᠪᠳᠤ ᠬᠦᠮᠤᠵᠢᠯ ᠤᠨ ᠠᠬᠢᠴᠨ ᠶᠢᠨ ᠪᠠᠢᠳᠠᠯ ᠤᠨ ᠮᠡᠳᠡᠬᠦᠯᠤᠯᠳᠠ ᠶᠢ ᠰᠤᠨᠤᠰᠴᠤ᠂ ᠭᠤᠤᠯ ᠰᠡᠳᠤᠪᠳᠤ ᠬᠦᠮᠤᠵᠢᠯ ᠤᠨ ᠠᠬᠢᠴᠨ ᠶᠢᠨ ᠪᠠᠢᠳᠠᠯ ᠪᠠ ᠲᠠᠷᠠᠭᠠᠴᠢ ᠶᠢᠨ ᠲᠦᠯᠤᠪᠯᠡᠭᠡ ᠶᠢ ᠨᠠᠷᠢᠯᠢᠭ ᠤᠢᠯᠠᠭᠠᠬᠤ ᠶᠢᠨ ᠬᠠᠮᠳᠤ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠭᠤᠷᠪᠠᠨ ᠨᠠᠮ ᠤᠨ ᠤᠳᠤᠷᠢᠳᠬᠤ ᠲᠤᠭᠤᠢᠯᠠᠩ ᠤᠨ ᠪᠤᠳᠠᠳᠠᠢ ᠪᠠᠢᠳᠠᠯ ᠢ ᠦᠨᠳᠤᠰᠤᠯᠡᠵᠤ᠂ ᠭᠤᠤᠯ ᠰᠡᠳᠤᠪᠳᠤ ᠬᠦᠮᠤᠵᠢᠯ ᠦᠷᠨᠢᠬᠦᠯᠦᠭᠰᠨ ᠳᠤ ᠵᠢᠯᠤᠭᠤᠳᠤᠯᠭ᠎ᠠ ᠶᠢᠨ ᠴᠢᠨᠠᠷᠳᠠᠢ ᠰᠠᠨᠠᠯ ᠲᠤᠷᠠᠳᠤᠪᠠ᠃





ᠪᠠᠶᠠᠨᠰᠠᠩ ᠮᠡᠳᠡᠬᠦᠯᠤᠯᠳᠠ ᠳᠡᠭᠡᠨ ᠶᠠᠷᠢᠭᠰᠨᠨ ᠨᠢ᠂ ᠬᠤᠰᠢᠭᠤᠨ ᠤ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠤᠨ ᠲᠤᠬᠢᠷᠠᠭᠤᠯᠤᠯᠳᠠ ᠪᠠ ᠪᠠᠢᠷᠢᠯᠠᠭᠤᠯᠤᠯᠳᠠ ᠶᠤᠰᠤᠭᠠᠷ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ᠂ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ᠂ ᠪᠠᠢᠭᠤᠯᠭ᠎ᠠ ᠶᠢᠨ ᠨᠠᠮ ᠤᠨ ᠡᠬᠦᠷ ᠡᠩ ᠲᠠᠷᠢᠬᠦᠨ ᠳᠤ ᠬᠤᠷᠠᠯ ᠬᠤᠷᠠᠯᠳᠤᠭᠤᠯᠤᠨ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠵᠤ ᠰᠤᠷᠤᠯᠴᠠᠭᠤᠯᠤᠨ᠂ ᠠᠵᠢᠯ ᠪᠠᠢᠷᠢᠯᠠᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠵᠤᠬᠢᠶᠠᠨ ᠪᠠᠢᠭᠤᠯᠤᠯᠳᠠ ᠭᠤᠤᠯ ᠰᠡᠳᠤᠪᠳᠤ ᠬᠦᠮᠤᠵᠢᠯ ᠤᠨ ᠭᠡᠷᠡᠭᠵᠢᠬᠦᠯᠦᠯᠳᠠ ᠶᠢᠨ ᠲᠦᠰᠤᠯ ᠪᠠ ᠰᠤᠷᠤᠯᠴᠠᠬᠤ ᠲᠦᠯᠤᠪᠯᠡᠭᠡ ᠲᠤᠭᠳᠠᠭᠠᠨ᠂ ᠭᠤᠤᠯ ᠰᠡᠳᠤᠪᠳᠤ ᠬᠦᠮᠤᠵᠢᠯ ᠤᠨ ᠤᠳᠤᠷᠢᠳᠬᠤ ᠪᠠᠭ᠎ᠠ ᠲᠤᠭᠤᠢᠯᠠᠩ ᠵᠢᠴᠢ ᠠᠯᠪᠠᠨ ᠭᠡᠷ ᠪᠠᠢᠭᠤᠯᠬᠤ ᠶᠢᠨ ᠬᠠᠮᠳᠤ᠂ 9 ᠰᠠᠷ᠎ᠠ ᠶᠢᠨ19᠋ ᠤ ᠡᠳᠤᠷ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》 ᠭᠤᠤᠯ ᠰᠡᠳᠤᠪᠳᠤ ᠬᠦᠮᠤᠵᠢᠯ ᠤᠨ ᠲᠠᠢᠴᠢᠯᠠᠯᠳᠠ ᠪᠠᠢᠷᠢᠯᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠲᠠᠢ ᠤᠶᠠᠯᠳᠤᠭᠤᠯᠵᠤ᠂ ᠭᠤᠤᠯ ᠰᠤᠷᠤᠯᠴᠠᠬᠤ ᠲᠤᠭᠤᠢᠯᠠᠩ᠂ ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠵᠡᠷᠭᠡ ᠲᠤᠬᠢᠶᠠᠯ ᠢ ᠠᠰᠢᠭᠯᠠᠨ᠂ ᠤᠳᠤ ᠳᠤ 3 ᠤᠳᠠᠭᠠᠨ ᠤ ᠰᠤᠷᠤᠯᠴᠠᠯᠭ᠎ᠠ᠂ 1 ᠤᠳᠠᠭᠠᠨ ᠤ ᠲᠤᠰᠬᠠᠢ ᠰᠡᠳᠤᠪᠳᠤ ᠬᠦᠮᠤᠵᠢᠯ ᠤᠨ ᠹᠢᠯᠢᠮ ᠦᠵᠡᠬᠦ ᠬᠦᠳᠡᠯᠭᠡᠭᠡᠨ ᠦᠷᠨᠢᠬᠦᠯᠪᠠ᠃ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠤᠤᠷ ᠰᠦᠯᠵᠢᠶ᠎ᠠ ᠪᠠ ᠸᠢᠴᠠᠲ ᠲᠠᠪᠴᠠᠩ ᠢ ᠠᠰᠢᠭᠯᠠᠵᠤ᠂《 ᠤᠤᠯ ᠵᠤᠬᠢᠶᠠᠯ ᠢ ᠤᠩᠰᠢᠨ ᠰᠤᠷᠤᠯᠴᠠᠵᠤ ᠤᠭ ᠶᠤᠰᠤ ᠶᠢ ᠤᠢᠯᠠᠭᠠᠬᠤ》ᠲᠤᠰᠬᠠᠢ ᠰᠡᠳᠤᠪᠳᠤ ᠪᠦᠯᠦᠩ ᠢ ᠪᠠᠢᠭᠤᠯᠤᠨ᠂ ᠪᠠᠢᠭᠤᠯᠭ᠎ᠠ ᠶᠢᠨ ᠲᠠᠳ᠋ ᠰᠠᠯᠠᠭᠠᠨ ᠲᠠᠰ ᠡᠴᠨ ᠲᠠᠭᠡᠭᠰᠢ ᠺᠠᠳ᠋ᠷ ᠡᠴᠨ ᠰᠢ ᠵᠢᠨ ᠫᠢᠩ ᠤᠨ 《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠲᠤᠬᠠᠢ ᠦᠬᠦᠯᠡᠯ ᠤᠨ ᠲᠤᠪᠴᠢᠯᠠᠯ ᠢ ᠲᠠᠭᠠᠭᠤᠯᠤᠨ ᠰᠤᠷᠤᠯᠴᠠᠬᠤ ᠬᠦᠳᠡᠯᠭᠡᠭᠡᠨ ᠢ ᠵᠤᠬᠢᠶᠠᠨ ᠪᠠᠢᠭᠤᠯᠵᠤ ᠶᠠᠪᠤᠭᠳᠠᠭᠤᠯᠪᠠ᠃ ᠪᠠᠶᠠᠨᠰᠠᠩ ᠢᠯᠡᠷᠭᠡᠢᠯᠡᠭᠰᠨᠨ ᠨᠢ᠂ ᠲᠠᠷᠠᠭᠠᠴᠢ ᠪᠡᠷ ᠭᠡᠷᠡᠭᠵᠢᠬᠦᠯᠦᠯᠳᠠ ᠶᠢᠨ ᠲᠦᠰᠤᠯ ᠤᠨ ᠶᠤᠰᠤᠭᠠᠷ ᠰᠤᠷᠤᠯᠴᠠᠯᠭ᠎ᠠ᠂ᠪᠠᠢᠴᠠᠭᠠᠨ ᠰᠤᠳᠤᠯᠤᠯᠳᠠ᠂ ᠠᠰᠠᠭᠤᠳᠠᠯ ᠢ ᠪᠠᠢᠴᠠᠭᠠᠨ ᠦᠵᠡᠬᠦ ᠶᠢ ᠦᠷᠬᠦᠯᠵᠢᠯᠠᠨ ᠬᠦᠨᠵᠡᠭᠡᠢ ᠦᠷᠨᠢᠬᠦᠯᠵᠤ᠂ᠴᠡᠭᠴᠡᠯᠡᠨ ᠦᠭᠡᠷᠡᠴᠢᠯᠡᠬᠦ ᠶᠢ ᠨᠠᠢᠳᠠᠪᠤᠷᠢᠵᠢᠭᠤᠯᠤᠨ᠂ ᠰᠤᠷᠤᠯᠴᠠᠬᠤ ᠶᠢᠨ ᠬᠠᠮᠳᠤ ᠦᠭᠡᠷᠡᠴᠢᠯᠡᠬᠦ ᠭᠤᠤᠯ ᠰᠡᠳᠤᠪᠳᠤ ᠬᠦᠮᠤᠵᠢᠯ ᠢ ᠪᠤᠳᠠᠳᠠᠢ ᠳᠤ ᠨᠠᠢᠳᠠᠪᠤᠷᠢᠵᠢᠭᠤᠯᠤᠨᠡ ᠭᠡᠵᠡᠢ᠃
ᠮᠤ ᠶᠦᠩ ᠴᠦᠨ ᠡᠴᠨ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠦᠷᠨᠢᠬᠦᠯᠦᠭᠰᠨᠨ ᠭᠤᠤᠯ ᠰᠡᠳᠤᠪᠳᠤ ᠬᠦᠮᠤᠵᠢᠯ ᠤᠨ ᠠᠵᠢᠯ ᠳᠤ ᠬᠦᠢᠴᠡᠳ ᠦᠨᠡᠯᠡᠯᠳᠠ ᠦᠭᠬᠦ ᠶᠢᠨ ᠬᠠᠮᠳᠤ᠂ ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠲᠦᠷᠪᠠᠨ ᠬᠢᠯᠠᠰ ᠴᠡᠭ ᠢ ᠲᠤᠷᠠᠳᠤᠪᠠ᠂ ᠨᠢᠭᠡ ᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠤᠳᠤᠬᠢ ᠪᠠᠢᠭ᠎ᠠ ᠭᠤᠷᠪᠠᠨ ᠨᠠᠮ ᠤᠨ ᠵᠤᠬᠢᠶᠠᠨ ᠪᠠᠢᠭᠤᠯᠤᠯᠳᠠ ᠶᠢᠨ ᠪᠤᠳᠠᠳᠤ ᠪᠠᠢᠳᠠᠯ ᠲᠠᠢ ᠪᠠᠨ ᠤᠶᠠᠯᠳᠤᠭᠤᠯᠤᠨ᠂ ᠨᠠᠮ ᠤᠨ ᠵᠤᠬᠢᠶᠠᠨ ᠪᠠᠢᠭᠤᠯᠤᠯᠳᠠ ᠴᠢᠨᠠᠷ ᠰᠠᠢᠳᠠᠢ ᠰᠤᠷᠤᠯᠴᠠᠯᠭ᠎ᠠ ᠶᠢᠨ ᠬᠦᠮᠤᠵᠢᠯ ᠦᠷᠨᠢᠬᠦᠯᠪᠡ᠃ ᠬᠤᠶᠠᠷ ᠲᠤ᠂ ᠨᠠᠮ ᠤᠨ ᠬᠤᠷᠢᠶ᠎ᠠ ᠶᠢᠨ ᠭᠤᠤᠯ ᠰᠡᠳᠤᠪᠳᠤ ᠬᠦᠮᠤᠵᠢᠯ ᠤᠨ ᠠᠵᠢᠯ ᠢ ᠲᠠᠬᠦᠯᠳᠡᠷᠵᠢᠬᠦᠯᠬᠦ ᠲᠤᠬᠢᠷᠠᠭᠤᠯᠤᠯᠳᠠ ᠶᠢᠨ ᠵᠢᠭᠠᠪᠤᠷᠢ ᠶᠢ ᠦᠨᠳᠤᠰᠤᠯᠡᠵᠤ᠂ ᠴᠠᠭ ᠲᠤᠬᠠᠢ ᠳᠤᠨᠢ ᠭᠤᠤᠯ ᠰᠡᠳᠤᠪᠳᠤ ᠬᠦᠮᠤᠵᠢᠯ ᠤᠨ ᠠᠵᠢᠯ ᠢ ᠰᠠᠢᠳᠤᠷ ᠦᠷᠨᠢᠬᠦᠯᠦᠭᠰᠨᠨ ᠪᠠᠢᠨ᠎ᠡ᠃ᠭᠤᠷᠪᠠ ᠳᠤ᠂ ᠭᠡᠯᠪᠡᠷᠢ ᠶᠢᠨ ᠦᠵᠡᠯ ᠢ ᠰᠡᠷᠭᠡᠢᠯᠡᠬᠦ ᠪᠤᠯᠤᠨ ᠰᠢᠨ᠎ᠡ ᠶᠢ ᠡᠬᠦᠳᠬᠦ ᠠᠴᠢᠶᠠᠯᠪᠤᠷᠢ ᠶᠢᠨ ᠬᠠᠷᠢᠴᠠᠭ᠎ᠠ ᠶᠢ ᠰᠠᠢᠳᠤᠷ ᠰᠢᠢᠳᠪᠤᠷᠢᠯᠡᠵᠤ᠂ ᠰᠢᠨ᠎ᠡ ᠠᠷᠭ᠎ᠠ ᠠᠪᠴᠠᠯ ᠢ ᠲᠠᠰᠤᠷᠠᠯᠳᠠ ᠦᠭᠡᠢ ᠡᠬᠦᠳᠴᠤ᠂ᠠᠴᠢᠶᠠᠯᠠᠪᠤᠷᠢ ᠶᠢ ᠵᠦᠪ ᠡᠷᠢᠨ᠂ ᠭᠤᠤᠯ ᠰᠡᠳᠤᠪᠳᠤ ᠬᠦᠮᠤᠵᠢᠯ ᠢ ᠦᠭᠡᠷᠡᠳᠤᠬᠦᠯᠬᠦ ᠦᠭᠡᠢ᠂ ᠤᠷᠦᠨ ᠪᠠᠢᠷᠢ ᠲᠠᠪᠠᠬᠤ ᠦᠭᠡᠢ᠂ ᠤᠨᠴᠠᠯᠢᠭᠳᠤ᠂ ᠬᠢᠯᠠᠰ ᠴᠡᠭ ᠲᠠᠢ ᠰᠠᠢᠳᠤᠷ ᠬᠢᠵᠤ ᠴᠢᠳᠠᠭᠰᠨᠨ ᠪᠠᠢᠨ᠎ᠡ᠃ ᠲᠦᠷᠪᠡ ᠳᠤ᠂ᠦᠪᠡᠷ ᠤᠨ ᠪᠠᠶ᠎ᠠ ᠶᠢᠨ ᠪᠦᠳᠤᠭᠡᠨ ᠪᠠᠢᠭᠤᠯᠤᠯᠳᠠ ᠪᠠᠨ ᠴᠢᠩᠭᠠᠳᠬᠠᠵᠤ᠂ ᠨᠠᠮ ᠤᠨ ᠭᠡᠰᠢᠬᠦᠨ ᠺᠠᠳ᠋ᠷᠴᠤᠤᠨ ᠤᠨ ᠢᠳᠡᠪᠬᠢᠵᠢᠯ ᠢ ᠬᠦᠢᠴᠡᠳ ᠲᠠᠢᠴᠢᠯᠠᠨ᠂ ᠪᠦᠬᠦ ᠰᠡᠳᠬᠢᠯ ᠶᠢᠠᠷ ᠭᠤᠤᠯ ᠰᠡᠳᠤᠪᠳᠤ ᠬᠦᠮᠤᠵᠢᠯ ᠤᠨ ᠬᠦᠳᠡᠯᠭᠡᠭᠡᠨ ᠳᠤ ᠤᠷᠤᠯᠴᠠᠵᠤ᠂ ᠪᠤᠳᠠᠳᠠᠢ ᠠᠵᠢᠯᠯᠠᠭ᠎ᠠ ᠪᠡᠷ ᠡᠯ᠎ᠠ ᠲᠦᠷᠤᠯ ᠤᠨ ᠠᠵᠢᠯ ᠤᠨ ᠪᠠᠰᠨ ᠨᠢᠭᠡᠨ ᠰᠢᠨ᠎ᠡ ᠲᠦᠪᠰᠢᠨ᠂ ᠰᠢᠨ᠎ᠠ ᠰᠢᠪᠳᠤᠯᠤᠯᠳᠠ ᠶᠢ ᠪᠠᠶᠠᠯᠡᠬᠦᠯᠬᠦ ᠶᠢ ᠲᠦᠯᠬᠢᠨ ᠠᠬᠢᠭᠤᠯᠤᠭᠰᠨᠨ ᠪᠠᠢᠨ᠎ᠡ ᠭᠡᠵᠡᠢ᠃