ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠵᠤᠬᠢᠶᠠᠨ ᠪᠠᠢᠭᠤᠯᠵᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠰᠤᠷᠤᠯᠴᠠᠯᠭ᠎ᠠ ᠬᠢᠭᠰᠡᠡ ᠨᠢ
9 ᠰᠠᠷ᠎ᠠ ᠶᠢᠨ20᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠵᠤᠬᠢᠶᠠᠨ ᠪᠠᠢᠭᠤᠯᠵᠤ᠂ ᠰᠢ ᠵᠢᠨ ᠫᠢᠩ ᠤᠨ ᠡᠾᠸᠨᠡᠨ ᠳᠤ ᠪᠠᠢᠴᠠᠭᠠᠨ ᠰᠤᠳᠤᠯᠤᠯᠳᠠ ᠬᠢᠬᠦ ᠦᠶ᠎ᠠ ᠶᠢᠨ ᠬᠤᠶᠠᠳᠤᠭᠠᠷ ᠪᠦᠯᠦᠭ ᠤᠨ ᠭᠤᠤᠯ ᠰᠡᠳᠤᠪᠳᠤ ᠬᠦᠮᠤᠵᠢᠯ ᠦᠷᠨᠢᠬᠦᠯᠬᠦ ᠳᠤ ᠲᠤᠷᠠᠳᠤᠭᠰᠨᠨ ᠰᠢᠨ᠎ᠡ ᠱᠠᠭᠠᠷᠳᠠᠯᠭ᠎ᠠ ᠶᠢ ᠰᠤᠷᠤᠯᠴᠠᠪᠠ᠃ ᠨᠠᠮ ᠤᠨ ᠡᠬᠦᠷ ᠤᠨ ᠱᠦᠵᠢ ᠯᠢ ᠴᠸᠩ ᠬᠦᠸᠸ ᠲᠠᠭᠠᠭᠤᠯᠤᠨ ᠰᠤᠷᠤᠯᠴᠠᠵᠤ᠂ᠪᠦᠬᠦ ᠺᠠᠳ᠋ᠷ ᠠᠵᠢᠯᠳᠠᠨ ᠰᠤᠷᠤᠯᠴᠠᠯᠭ᠎ᠠ ᠳᠤ ᠤᠷᠤᠯᠴᠠᠭᠰᠨᠨ ᠪᠠᠢᠨ᠎ᠡ᠃




ᠬᠤᠷᠠᠯ ᠡᠴᠨ ᠴᠢᠩᠭᠠᠳᠬᠠᠨᠭᠰᠨᠨ ᠨᠢ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠡᠷ ᠵᠢᠯᠤᠭᠤᠳᠤᠯᠭ᠎ᠠ ᠪᠤᠯᠭᠠᠨ᠂《ᠲᠦᠷᠪᠠᠨ ᠦᠵᠡᠯ ᠤᠬᠠᠮᠰᠠᠷ》᠋ ᠢ ᠴᠢᠩᠭᠠᠳᠬᠠᠵᠤ᠂《ᠲᠦᠷᠪᠠᠨ ᠢᠳᠡᠭᠡᠯ》᠋ ᠢ ᠪᠠᠳᠤᠳᠬᠠᠨ᠂《ᠬᠤᠶᠠᠷ ᠢ ᠬᠦᠷᠢᠶᠡᠯᠡᠬᠦ》᠋ ᠶᠢ ᠬᠢᠵᠤ ᠬᠦᠢᠴᠡᠳᠭᠡᠨ᠂ ᠦᠵᠡᠯ ᠰᠠᠨᠠᠭ᠎ᠠ ᠪᠤᠯᠤᠨ ᠠᠵᠢᠯᠯᠠᠭ᠎ᠠ ᠪᠠᠨ ᠰᠢ ᠵᠢᠨ ᠫᠢᠩ ᠨᠦᠬᠦᠷ ᠶᠢᠠᠷ ᠭᠤᠤᠯ ᠪᠤᠯᠭᠠᠭᠰᠨᠨ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠲᠠᠢ ᠨᠢᠭᠡᠳᠭᠡᠵᠤ᠂ ᠴᠢᠬᠤᠯᠨ ᠤᠯᠤᠰ ᠲᠦᠷᠤ ᠶᠢᠨ ᠡᠬᠦᠷᠭᠡ ᠶᠢ ᠬᠠᠷᠢᠭᠤᠴᠠᠨ᠂ ᠰᠢ ᠵᠢᠨ ᠫᠢᠩ ᠶᠡᠷᠤᠩᠭᠡᠢ ᠱᠦᠵᠢ ᠶᠢᠨ ᠬᠤᠶᠠᠳᠤᠭᠠᠷ ᠪᠦᠯᠦᠭ ᠤᠨ ᠭᠤᠤᠯ ᠰᠡᠳᠤᠪᠳᠤ ᠬᠦᠮᠤᠵᠢᠯ ᠦᠷᠨᠢᠬᠦᠯᠬᠦ ᠳᠤ ᠲᠤᠷᠠᠳᠤᠭᠰᠨᠨ ᠰᠢᠨ᠎ᠠ ᠱᠠᠭᠠᠷᠳᠠᠯᠭ᠎ᠠ ᠶᠢ ᠬᠦᠨᠵᠡᠭᠡᠢ ᠰᠤᠷᠤᠯᠴᠠᠵᠤ᠂ ᠰᠢ ᠵᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢᠨ ᠡᠨᠡᠬᠦ ᠦᠨᠳᠤᠰᠤᠨ ᠡᠬᠦᠷᠭᠡ ᠶᠢ ᠯᠠᠪᠳᠠᠭᠤᠨ ᠪᠠᠳᠤᠳᠠᠢ ᠠᠳᠬᠤᠵᠤ ᠬᠦᠨᠵᠡᠭᠡᠢ ᠰᠤᠷᠤᠯᠴᠠᠨ᠂ ᠭᠤᠤᠯ ᠰᠡᠳᠤᠪᠳᠤ ᠬᠦᠮᠤᠵᠢᠯ ᠤᠨ ᠶᠡᠷᠤᠩᠭᠡᠢ ᠱᠠᠭᠠᠷᠳᠠᠯᠭ᠎ᠠ ᠶᠢ ᠪᠦᠬᠦ ᠲᠠᠯ᠎ᠠ ᠪᠡᠷ ᠡᠵᠡᠮᠰᠢᠵᠤ᠂ ᠠᠰᠠᠭᠤᠳᠠᠯ ᠢ ᠠᠩᠬᠠᠷᠴᠤ ᠦᠭᠡᠷᠡᠴᠢᠯᠡᠨ᠂ ᠤᠯᠠᠨ ᠲᠦᠮᠨᠨ ᠢ ᠦᠷᠭᠡᠨ ᠶᠢᠠᠷ ᠤᠷᠤᠯᠴᠠᠭᠤᠯᠵᠤ᠂ ᠤᠯᠨᠨ ᠲᠦᠮᠨᠨ ᠤ ᠬᠢᠨᠠᠯᠳᠠ ᠶᠢ ᠬᠦᠯᠢᠶᠠᠨ᠂ ᠬᠤᠶᠠᠳᠤᠭᠠᠷ ᠪᠦᠯᠤᠭ᠌ ᠤᠨ ᠭᠤᠤᠯ ᠰᠡᠳᠤᠪᠳᠤ ᠬᠦᠮᠤᠵᠢᠯ ᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠵᠶᠨ ᠪᠠᠢᠭᠤᠯᠭ᠎ᠠ ᠳᠤ ᠬᠦᠨᠵᠡᠭᠡᠢ ᠦᠷᠨᠢᠬᠦᠯᠬᠦ ᠶᠢ ᠯᠠᠪᠳᠠᠭᠤᠨ ᠬᠢᠨᠠᠮᠠᠭᠠᠢ ᠲᠦᠯᠬᠢᠨ ᠠᠬᠢᠭᠤᠯᠵᠤ᠂ ᠪᠤᠳᠠᠳᠠᠢ ᠠᠮᠵᠢᠯᠳᠠ ᠤᠯᠬᠤ ᠶᠢ ᠪᠠᠳᠤᠯᠠᠬᠤ ᠭᠡᠷᠡᠭᠳᠡᠢ ᠭᠡᠵᠡᠢ᠃