ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠭᠰᠨᠨ ᠨᠢ
9 ᠰᠠᠷ᠎ᠠ ᠶᠢᠨ30᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠡ᠃ᠬᠤᠰᠢᠭᠤᠨ ᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠢ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠲᠠᠷᠤᠭ᠎ᠠ ᠯᠢ ᠴᠸᠩ ᠬᠦᠸᠸ ᠬᠤᠷᠠᠯ ᠡᠷᠬᠢᠯᠡᠪᠡ᠃




ᠰᠤᠳᠤᠯᠤᠨ ᠶᠠᠷᠢᠯᠴᠠᠬᠤ ᠬᠤᠷᠠᠯ ᠲᠡᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠨ《ᠤᠭ ᠰᠠᠨᠠᠭ᠎ᠠ ᠪᠠᠨ ᠰᠠᠬᠢᠨ᠂ ᠬᠠᠷᠢᠭᠤᠴᠠᠯᠭ᠎ᠠ ᠪᠠᠨ ᠡᠬᠦᠷᠭᠡᠯᠡᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯᠯᠠᠭᠴᠢ ᠪᠤᠯᠬᠤ ᠪᠡᠷ ᠴᠢᠷᠮᠠᠢᠶ᠎ᠠ》 ᠭᠡᠳᠡᠭ ᠶᠢᠠᠷ ᠭᠤᠤᠯ ᠰᠡᠳᠤᠪ ᠪᠤᠯᠭᠠᠵᠤ᠂ ᠦᠪᠡᠷ ᠤᠨ ᠦᠵᠡᠯ ᠰᠠᠨᠠᠭ᠎ᠠ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ᠲᠠᠨᠢᠯᠳᠠ᠂ ᠲᠦᠷᠦᠭᠳᠠᠯ᠂ ᠲᠦᠯᠤᠪᠯᠡᠭᠡ ᠪᠠᠨ ᠶᠠᠷᠢᠯᠴᠠᠵᠤ᠂ ᠲᠦᠰᠤᠪᠯᠡᠭᠰᠨᠨ ᠦᠷ᠎ᠠ ᠪᠦᠳᠤᠮᠵᠢ ᠳᠤ ᠬᠦᠷᠦᠭᠰᠡᠡ ᠪᠠᠢᠨ᠎ᠡ᠃
ᠬᠤᠷᠠᠯ ᠡᠴᠨ ᠴᠢᠩᠭᠠᠳᠬᠠᠭᠰᠨᠨ ᠨᠢ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠬᠤ ᠶᠢ ᠪᠠᠷᠢᠮᠳᠠᠯᠠᠬᠤ ᠪᠡᠷ ᠭᠤᠤᠯ ᠱᠤᠭᠤᠮ ᠪᠤᠯᠭᠠᠵᠤ᠂ ᠰᠤᠷᠤᠯᠴᠠᠯᠭ᠎ᠠ ᠬᠦᠮᠤᠵᠢᠯ᠂ ᠪᠠᠢᠴᠠᠭᠠᠨ ᠰᠤᠳᠤᠯᠤᠯᠳᠠ᠂ ᠠᠰᠠᠭᠤᠳᠠᠯ ᠶᠢᠠᠨ ᠪᠠᠢᠴᠠᠭᠠᠬᠤ᠂ᠴᠡᠭᠴᠡᠯᠡᠨ ᠦᠭᠡᠷᠡᠴᠢᠯᠡᠬᠦ ᠶᠢ ᠭᠤᠤᠯ ᠰᠡᠳᠤᠪᠳᠤ ᠬᠦᠮᠤᠵᠢᠯ ᠤᠨ ᠪᠦᠬᠦ ᠶᠠᠪᠤᠴᠨ ᠳᠤ ᠨᠠᠢᠳᠠᠪᠤᠷᠢᠵᠢᠭᠤᠯᠤᠨ ᠲᠤᠭᠤᠰᠢᠯᠠᠭᠤᠯᠵᠤ᠂ ᠦᠪᠡᠷ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠬᠦᠨ ᠰᠤᠷᠤᠯᠴᠠᠨ ᠨᠠᠷᠢᠯᠢᠭ ᠤᠢᠯᠠᠭᠠᠵᠤ᠂ ᠬᠦᠨᠵᠡᠭᠡᠢ ᠪᠠᠢᠴᠠᠭᠠᠨ ᠪᠤᠳᠠᠳᠠᠢ ᠪᠡᠷ ᠦᠭᠡᠷᠡᠴᠢᠯᠠᠨ᠂ ᠲᠠᠨᠢᠯᠳᠠ ᠪᠠᠨ ᠦᠨᠡᠨᠬᠦ ᠲᠠᠭᠡᠭᠰᠢᠯᠡᠬᠦᠯᠵᠤ᠂ ᠠᠰᠠᠭᠤᠳᠠᠯ ᠢ ᠦᠨᠡᠨᠬᠦ ᠰᠢᠢᠳᠪᠤᠷᠢᠯᠡᠨ᠂ ᠠᠵᠢᠯ ᠶᠢᠠᠨ ᠦᠨᠡᠨᠬᠦ ᠲᠦᠯᠬᠢᠨ ᠠᠬᠢᠭᠤᠯᠬᠤ ᠪᠡᠷ ᠴᠢᠷᠮᠠᠢᠬᠤ ᠭᠡᠷᠡᠭᠳᠡᠢ᠃ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠪᠠᠢᠴᠠᠭᠠᠨ ᠰᠤᠳᠤᠯᠤᠯᠳᠠ ᠶᠢ ᠬᠦᠨᠵᠡᠭᠡᠢᠷᠡᠬᠦᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠲᠤᠪᠤᠢᠮ᠎ᠠ ᠠᠰᠠᠭᠤᠳᠠᠯ ᠢ ᠡᠷᠢᠨ᠂ ᠬᠦᠨᠵᠡᠭᠡᠢ ᠵᠠᠳᠠᠯᠤᠯᠳᠠ ᠬᠢᠵᠤ᠂ ᠭᠤᠤᠯ ᠰᠡᠳᠤᠪᠳᠤ ᠬᠦᠮᠤᠵᠢᠯ ᠢ ᠪᠤᠳᠠᠳᠠᠢ ᠨᠠᠷᠢᠯᠢᠭ ᠬᠢᠬᠦ ᠶᠢ ᠪᠠᠳᠤᠯᠠᠵᠤ᠂ ᠪᠤᠳᠠᠳᠤ ᠦᠷ᠎ᠠ ᠪᠦᠳᠤᠮᠵᠢ ᠤᠯᠬᠤ ᠭᠡᠷᠡᠭᠳᠡᠢ ᠭᠡᠵᠡᠢ᠃