ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ《ᠡᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ《ᠰᠤᠷᠤᠯᠴᠠᠯᠭ᠎ᠠ ᠬᠦᠷᠭᠡᠬᠦ》ᠰᠢᠷᠢᠰ ᠠᠵᠢᠯᠯᠠᠭ᠎ᠠ ᠦᠷᠨᠢᠬᠦᠯᠦᠭᠰᠨᠨ ᠨᠢ

 

《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠢ ᠬᠦᠨᠵᠡᠭᠡᠢ ᠲᠦᠯᠬᠢᠨ ᠠᠬᠢᠭᠤᠯᠵᠤ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠠᠵᠢᠯ ᠡᠴᠨ ᠪᠠᠨ ᠠᠮᠠᠷᠠᠭᠰᠨᠨ ᠠᠬᠠᠮᠠᠳ ᠨᠠᠮ ᠤᠨ ᠭᠡᠰᠢᠬᠦᠨ ᠺᠠᠳ᠋ᠷ ᠤᠨ ᠰᠤᠷᠤᠯᠴᠠᠯᠭ᠎ᠠ ᠬᠦᠮᠤᠵᠢᠯ ᠢ ᠦᠨᠡᠨᠬᠦ ᠴᠢᠩᠭᠠᠳᠬᠠᠨ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠰᠤᠷᠤᠯᠴᠠᠯᠭ᠎ᠠ ᠡᠴᠨ ᠤᠷᠬᠢᠭᠳᠠᠭᠤᠯᠵᠤ ᠬᠤᠴᠤᠷᠤᠭᠳᠠᠭᠤᠯᠬᠤ ᠦᠭᠡᠢ ᠶᠢᠨ ᠲᠦᠯᠤᠭᠡ᠂9 ᠰᠠᠷ᠎ᠠ ᠶᠢᠨ30᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠤᠨ ᠲᠠᠳ᠋ ᠱᠦᠵᠢ ᠹᠦ᠋ ᠶᠢᠨ ᠱᠠᠨ᠂ ᠰᠠᠬᠢᠯᠭ᠎ᠠ ᠪᠠᠳᠤ ᠪᠠᠢᠴᠠᠭᠠᠬᠤ ᠭᠡᠰᠢᠬᠦᠨ ᠮᠦᠩᠬᠦᠨᠸᠴᠢᠷ ᠨᠦᠬᠦᠷ ᠪᠠᠢᠭᠤᠯᠭ᠎ᠠ ᠶᠢᠨ ᠨᠠᠮ ᠤᠨ ᠭᠡᠰᠢᠬᠦᠨ ᠲᠠᠢ ᠬᠠᠮᠳᠤ ᠠᠵᠢᠯ ᠡᠴᠨ ᠪᠠᠨ ᠠᠮᠠᠷᠠᠭᠰᠨᠨ 5 ᠨᠡᠷᠡᠰ ᠠᠬᠠᠮᠠᠳ ᠨᠠᠮ ᠤᠨ ᠭᠡᠰᠢᠬᠦᠨ ᠳᠤ《ᠰᠢ ᠵᠢᠨ ᠫᠢᠩ ᠤᠨ ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ ᠦᠬᠦᠯᠡᠯ ᠤᠨ ᠲᠠᠬᠦᠪᠤᠷᠢ》《ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ  ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠶᠢᠨ ᠬᠦᠳᠤᠯᠪᠤᠷᠢ》᠋ ᠶᠢᠨ ᠬᠠᠷᠮᠠᠨ ᠨᠤᠮ ᠵᠡᠷᠭᠡ ᠰᠤᠷᠤᠯᠴᠠᠯᠭ᠎ᠠ ᠶᠢᠨ ᠮᠠᠲ᠋ᠸᠷᠢᠶᠠᠯ ᠬᠦᠷᠭᠡᠨ᠂ ᠲᠠᠳᠠᠨᠠᠷ ᠲᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠭᠤᠤᠯ ᠰᠡᠳᠤᠪᠳᠤ ᠬᠦᠮᠤᠵᠢᠯ ᠤᠨ ᠠᠵᠢᠯ ᠦᠷᠨᠢᠬᠦᠯᠦᠭᠰᠨᠨ ᠪᠠᠢᠳᠠᠯ ᠢ ᠲᠠᠨᠢᠯᠴᠠᠭᠤᠯᠬᠤ ᠶᠢᠨ ᠬᠠᠮᠳᠤ ᠰᠠᠨᠠᠯ ᠬᠤᠷᠢᠶᠠᠵᠤ᠂ ᠠᠬᠠᠮᠠᠳ ᠨᠠᠮ ᠤᠨ ᠭᠡᠰᠢᠬᠦᠨ ᠳᠤ ᠭᠡᠷ ᠡᠴᠨ ᠪᠠᠨ ᠭᠠᠷᠬᠤ ᠦᠭᠡᠢ ᠪᠠᠢᠳᠠᠯ ᠳᠤ ᠲᠤᠰ ᠤᠳᠠᠭᠠᠨ ᠤ ᠭᠤᠤᠯ ᠰᠡᠳᠤᠪᠳᠤ ᠬᠦᠮᠤᠵᠢᠯ ᠤᠨ ᠰᠢᠨ᠎ᠡ ᠦᠵᠡᠯ ᠰᠠᠨᠠᠭ᠎ᠠ ᠰᠢᠨ᠎ᠠ ᠱᠠᠭᠠᠷᠳᠠᠯᠭ᠎ᠠ ᠶᠢ ᠤᠢᠯᠠᠭᠠᠭᠤᠯᠤᠭᠰᠠᠨ ᠪᠠᠢᠨ᠎ᠡ᠃ ᠬᠠᠮᠳᠤ ᠳᠤᠨᠢ᠂ ᠨᠠᠮ ᠤᠨ ᠡᠬᠦᠷ ᠤᠨ ᠭᠡᠰᠢᠬᠦᠨ ᠡᠴᠨ ᠠᠬᠠᠮᠠᠳ ᠨᠠᠮ ᠤᠨ ᠭᠡᠰᠢᠬᠦᠨ ᠤ ᠠᠮᠢᠳᠤᠷᠠᠯ ᠤᠨ ᠪᠠᠢᠳᠠᠯ ᠢ ᠨᠢ ᠨᠠᠷᠢᠯᠢᠭ ᠤᠢᠯᠠᠭᠠᠬᠤ ᠶᠢᠨ ᠲᠠᠭᠠᠤ ᠰᠢᠨ᠎ᠡ ᠲᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠤᠢ ᠶᠢᠨ ᠪᠠᠶᠠᠷ ᠤᠨ ᠡᠳᠤᠷ ᠤᠨ ᠮᠡᠨᠳᠤᠴᠢᠯᠡᠯ ᠬᠦᠷᠭᠡᠭᠰᠨᠨ ᠪᠠᠢᠨ᠎ᠡ᠃

《ᠰᠤᠷᠤᠯᠴᠠᠯᠭ᠎ᠠ ᠬᠦᠷᠭᠡᠬᠦ》ᠬᠦᠳᠡᠯᠭᠡᠭᠡᠨ ᠶᠢᠠᠷ ᠲᠠᠮᠵᠢᠨ᠂ ᠠᠬᠠᠮᠠᠳ ᠨᠠᠮ ᠤᠨ ᠭᠡᠰᠢᠬᠦᠤᠨ ᠡᠴᠨ ᠨᠠᠮ ᠤᠨ ᠡᠬᠦᠷᠭᠡ ᠬᠠᠷᠢᠭᠤᠴᠠᠯᠭ᠎ᠠ ᠶᠢ ᠴᠠᠭ ᠢᠮᠠᠭᠳᠠ ᠴᠡᠭᠡᠵᠢᠯᠡᠵᠤ᠂ ᠤᠬᠠᠮᠰᠠᠷ ᠡᠴᠨ ᠪᠠᠨ ᠨᠠᠮ ᠤᠨ ᠲᠦᠷᠢᠮ ᠤᠨ ᠰᠢᠨ᠎ᠡ ᠱᠠᠭᠠᠷᠳᠠᠯᠭ᠎ᠠ ᠶᠢ ᠤᠢᠯᠡᠳᠤᠯᠭᠡᠵᠢᠬᠦᠯᠤᠨ᠂ ᠨᠠᠮ ᠤᠨ ᠲᠦᠪ ᠬᠤᠷᠢᠶᠠᠨ ᠤ ᠡᠷᠭᠡ ᠰᠦᠷ ᠪᠤᠯᠤᠨ ᠨᠠᠮ ᠤᠨ ᠪᠦᠯᠬᠦᠮᠳᠠᠯ ᠨᠢᠭᠡᠳᠤᠯ ᠢ ᠡᠷᠡᠰ ᠭᠤᠢᠪᠢᠰᠢ ᠦᠭᠡᠢ ᠬᠠᠮᠠᠭᠠᠯᠠᠵᠤ᠂ ᠤᠬᠠᠮᠰᠠᠷ ᠡᠴᠨ ᠪᠠᠨ ᠦᠵᠡᠯ ᠰᠠᠨᠠᠭ᠎ᠠ᠂ ᠤᠯᠤᠰ ᠲᠦᠷᠤ᠂ ᠤᠢᠯᠨ ᠠᠵᠢᠯᠯᠠᠭ᠎ᠠ ᠲᠠᠭᠡᠷ᠎ᠠ ᠪᠠᠨ ᠰᠢ ᠵᠢᠨ ᠫᠢᠩ ᠨᠦᠬᠦᠷ ᠶᠢᠠᠷ ᠲᠦᠪ ᠪᠤᠯᠭᠠᠭᠰᠨᠨ ᠨᠠᠮ ᠤᠨ ᠲᠦᠪ ᠬᠤᠷᠢᠶ᠎ᠠ ᠲᠠᠢ ᠨᠢᠭᠡᠳᠤᠯᠳᠠᠢ ᠪᠠᠢᠬᠤ ᠶᠢ ᠪᠠᠷᠢᠮᠳᠠᠯᠠᠨ᠂ ᠦᠳᠡᠯᠤᠭᠡ ᠨᠠᠰᠤᠨ ᠤ ᠤᠢᠯᠡᠳᠤᠯ ᠶᠢᠠᠨ ᠬᠦᠢᠴᠡᠳ ᠪᠠᠳᠠᠷᠠᠭᠤᠯᠵᠤ᠂ ᠠᠵᠢᠯ ᠡᠴᠨ ᠪᠠᠨ ᠠᠮᠠᠷᠠᠭᠰᠨᠨ ᠴᠤ ᠨᠠᠮ ᠡᠴᠨ ᠰᠠᠯᠬᠤ ᠦᠭᠡᠢ᠂ ᠦᠷᠬᠦᠯᠵᠢᠯᠡᠨ ᠰᠤᠷᠤᠯᠴᠠᠯᠭ᠎ᠠ ᠪᠠᠨ ᠴᠢᠩᠭᠠᠳᠬᠠᠨ᠂ ᠦᠵᠡᠯ ᠰᠠᠨᠠᠭᠠᠨ ᠤ ᠲᠠᠪᠰᠢᠯᠳᠠ ᠶᠢ ᠡᠷᠡᠰ ᠪᠠᠷᠢᠮᠳᠠᠯᠠᠵᠤ᠂ ᠡᠬᠦᠷᠢᠳᠠ ᠨᠠᠮ ᠤᠨ ᠲᠦᠪ ᠬᠤᠷᠢᠶ᠎ᠠ ᠪᠤᠯᠤᠨ ᠰᠢ ᠵᠢᠨ ᠫᠢᠩ ᠶᠡᠷᠤᠩᠭᠡᠢ ᠱᠦᠵᠢ ᠪᠠᠨ ᠲᠠᠭᠠᠨ᠎ᠡ ᠭᠡᠵᠤ ᠢᠯᠡᠷᠭᠡᠢᠯᠡᠵᠡᠭᠡᠪᠡ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ《ᠡᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》 ᠭᠤᠤᠯ ᠰᠡᠳᠤᠪᠳᠤ ᠬᠦᠮᠤᠵᠢᠯ ᠤᠨ ᠰᠢᠷᠢᠰ ᠠᠵᠢᠯᠯᠠᠭ᠎ᠠ ----ᠰᠡᠷᠡᠮᠵᠢᠯᠡᠬᠦᠯᠤᠯ ᠤᠨ ᠬᠦᠮᠤᠵᠢᠯ ᠤᠨ ᠠᠵᠢᠯᠯᠠᠭ᠎ᠠ ᠦᠷᠨᠢᠬᠦᠯᠦᠭᠰᠨᠨ ᠨᠢ