ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠵᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠪᠠᠢᠳᠠᠯ ᠳᠤ ᠵᠢᠯᠤᠭᠤᠳᠤᠯᠭ᠎ᠠ ᠬᠢᠭᠰᠡᠡ ᠨᠢ


10 ᠰᠠᠷ᠎ᠠ ᠶᠢᠨ10᠋ ᠤ ᠡᠳᠤᠷ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠪᠠᠶᠠᠷᠳᠤᠬᠤᠰᠢᠭᠤ ᠪᠠᠯᠭᠠᠰᠤᠨ ᠳᠤ ᠬᠦᠨᠵᠡᠭᠡᠢᠷᠡᠵᠤ᠂《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠪᠠ ᠤᠳᠤ ᠦᠶ᠎ᠠ ᠶᠢᠨ ᠮᠠᠯ ᠠᠵᠤ ᠠᠬᠤᠢ ᠵᠡᠷᠭᠡ ᠠᠵᠢᠯ ᠦᠷᠨᠢᠬᠦᠯᠦᠭᠰᠨᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠵᠤ ᠵᠢᠯᠤᠭᠤᠳᠤᠭᠰᠨᠨ ᠪᠠᠢᠨ᠎ᠡ᠃



ᠪᠠᠶᠠᠨᠰᠠᠩ ᠤᠷᠢᠳ ᠬᠤᠵᠢᠳ ᠦᠨᠳᠤᠷᠬᠠᠳᠠ ᠭᠠᠴᠠᠭ᠎ᠠ᠂ ᠬᠤᠪᠤᠯᠳᠤ ᠭᠠᠴᠠᠭ᠎ᠠ ᠳᠤ ᠬᠦᠷᠴᠤ᠂ ᠡᠷᠤᠭᠡ ᠳᠤ ᠤᠷᠤᠵᠤ᠂ ᠮᠡᠳᠡᠬᠦᠯᠤᠯᠳᠠ ᠰᠤᠨᠤᠰᠬᠤ᠂ᠰᠠᠭᠤᠳᠠᠯ ᠤᠨ ᠬᠤᠷᠠᠯ ᠬᠢᠵᠤ ᠶᠠᠷᠢᠯᠴᠠᠬᠤ ᠵᠡᠷᠭᠡ ᠭᠡᠯᠪᠡᠷᠢ ᠪᠡᠷ ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠪᠠᠢᠳᠠᠯ ᠳᠤ ᠨᠠᠷᠢᠨ ᠬᠢᠨᠠᠮᠠᠭᠠᠢ ᠬᠢᠨᠠᠨ ᠪᠠᠢᠴᠠᠭᠠᠯᠳᠠ ᠬᠢᠵᠤ ᠤᠢᠯᠠᠭᠠᠭᠰᠨᠨ ᠪᠠᠢᠨ᠎ᠡ᠃

ᠪᠠᠶᠠᠨᠰᠠᠩ ᠱᠠᠭᠠᠷᠳᠠᠭᠰᠨᠨ ᠨᠢ᠂ ᠪᠠᠶᠠᠷᠳᠤᠬᠤᠰᠢᠭᠤ ᠪᠠᠯᠭᠠᠰᠤᠨ ᠤ ᠨᠠᠮ ᠤᠨ ᠵᠤᠬᠢᠶᠠᠨ ᠪᠠᠢᠭᠤᠯᠤᠯᠳᠠ ᠬᠢᠭᠡᠳ ᠦᠷᠭᠡᠨ ᠤᠯᠠᠨ ᠨᠠᠮ ᠤᠨ ᠭᠡᠰᠢᠬᠦᠨ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠴᠢᠬᠤᠯᠨ ᠤᠳᠬ᠎᠎ᠠ ᠠᠭᠤᠯᠭ᠎ᠠ ᠶᠢ ᠬᠦᠨᠵᠡᠭᠡᠢ ᠲᠠᠨᠢᠵᠤ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠵᠤ ᠲᠤᠭᠤᠰᠢᠯᠠᠭᠤᠯᠤᠨ᠂ᠭᠤᠤᠯ ᠰᠡᠳᠤᠪᠳᠤ ᠬᠦᠮᠤᠵᠢᠯ ᠤᠨ ᠶᠡᠷᠤᠩᠭᠡᠢ ᠱᠠᠭᠠᠷᠳᠠᠯᠭ᠎ᠠ ᠪᠤᠯᠤᠨ ᠪᠤᠳᠠᠳᠠᠢ ᠬᠠᠷᠠᠯᠳᠠ ᠶᠢ ᠤᠨᠤᠪᠴᠢᠳᠠᠢ ᠡᠵᠡᠮᠰᠢᠵᠤ᠂ ᠡᠨᠡᠬᠦ ᠬᠦᠮᠤᠵᠢᠯ ᠤᠨ ᠡᠯ᠎ᠠ ᠵᠤᠢᠯ ᠤᠨ ᠡᠬᠦᠷᠭᠡ ᠶᠢ ᠦᠨᠳᠤᠷ ᠴᠢᠨᠰᠠᠭ᠎ᠠ ᠲᠠᠢ ᠪᠠᠶᠠᠯᠡᠬᠦᠯᠤᠨ᠂ ᠪᠤᠳᠠᠳᠤ ᠦᠷ᠎ᠠ ᠪᠦᠳᠤᠮᠵᠢ ᠤᠯᠬᠤ ᠶᠢ ᠪᠠᠳᠤᠯᠠᠬᠤ ᠭᠡᠷᠡᠭᠳᠡᠢ ᠭᠡᠵᠡᠢ᠃

ᠡᠮᠦᠨᠡᠬᠢ᠄ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠳᠤ ᠢᠷᠡᠵᠤ ᠠᠵᠢᠯ ᠵᠢᠯᠤᠭᠤᠳᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠵᠤ ᠰᠤᠯᠨ ᠲᠤᠷᠤᠢ ᠨᠠᠮ ᠤᠨ ᠵᠤᠬᠢᠶᠠᠨ ᠪᠠᠢᠭᠤᠯᠤᠯᠳᠠ ᠳᠤ ᠠᠰᠠᠭᠤᠨ ᠤᠢᠯᠠᠭᠠᠯᠳᠠ ᠬᠢᠭᠰᠡᠡ ᠨᠢ