ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠵᠤ ᠰᠤᠯᠨ ᠲᠤᠷᠤᠢ ᠨᠠᠮ ᠤᠨ ᠵᠤᠬᠢᠶᠠᠨ ᠪᠠᠢᠭᠤᠯᠤᠯᠳᠠ ᠳᠤ ᠠᠰᠠᠭᠤᠨ ᠤᠢᠯᠠᠭᠠᠯᠳᠠ ᠬᠢᠭᠰᠡᠡ ᠨᠢ


ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ 9 ᠰᠠᠷ᠎ᠠ ᠶᠢᠨ 30᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠬᠠᠷᠢᠭᠤᠴᠠᠨ ᠲᠠᠭᠠᠭᠠᠴᠢᠯᠠᠭᠰᠨᠨ ᠪᠠᠶᠠᠷᠳᠤᠬᠤᠰᠢᠭᠤ ᠪᠠᠯᠭᠠᠰᠤ ᠳᠤ ᠬᠦᠨᠵᠡᠭᠡᠢᠷᠡᠵᠤ᠂ ᠰᠤᠯᠨ ᠲᠤᠷᠤᠢ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠢᠭᠤᠯᠤᠯᠳᠠ ᠳᠤ ᠠᠰᠠᠭᠤᠨ ᠤᠢᠯᠠᠭᠠᠯᠳᠠ ᠬᠢᠭᠰᠡᠡ ᠪᠠᠢᠨ᠎ᠡ᠃



ᠪᠠᠶᠠᠨᠰᠠᠩ ᠡᠴᠨ ᠪᠠᠶᠠᠷᠳᠤᠬᠤᠰᠢᠭᠤ ᠪᠠᠯᠭᠠᠰᠤᠨ ᠤ ᠨᠠᠮ ᠵᠠᠰᠠᠭ ᠤᠨ ᠬᠠᠷᠢᠭᠤᠴᠠᠯᠭᠠᠳᠠᠨ ᠤ ᠪᠠᠷ᠎ᠠ ᠪᠤᠯᠤᠯᠭ᠎ᠠ ᠲᠤᠤᠷ᠎ᠠ ᠤᠷᠢᠳ ᠬᠤᠵᠢᠳ ᠪᠠᠷᠢᠮᠳᠤ ᠭᠠᠴᠠᠭ᠎ᠠ᠂ ᠦᠨᠳᠤᠷᠬᠠᠳᠠ ᠭᠠᠴᠠᠭ᠎ᠠ᠂ ᠬᠤᠪᠤᠯᠳᠤ ᠭᠠᠴᠠᠭ᠎ᠠ ᠵᠡᠷᠭᠡ ᠭᠠᠵᠠᠷ ᠶᠢᠠᠷ ᠠᠰᠠᠭᠤᠨ ᠯᠠᠪᠯᠠᠵᠤ ᠪᠠᠢᠴᠠᠭᠠᠨ ᠰᠤᠳᠤᠯᠤᠯᠳᠠ ᠬᠢᠪᠡ᠃ ᠬᠦᠷᠦᠭᠰᠨᠨ ᠭᠠᠴᠠᠭᠠᠨ ᠤ ᠠᠬᠠᠮᠠᠳ ᠨᠠᠮ ᠤᠨ ᠭᠡᠰᠢᠬᠦᠨ ᠪᠠ ᠭᠠᠴᠠᠭᠠᠨ ᠤ ᠺᠠᠳ᠋ᠷ ᠵᠢᠴᠢ ᠮᠠᠯᠴᠢᠨ ᠲᠠᠷᠢᠶᠠᠴᠢᠳ ᠲᠠᠢ ᠬᠦᠨᠵᠡᠭᠡᠢ ᠶᠠᠷᠢᠯᠴᠠᠨ ᠰᠠᠨᠠᠯ ᠶᠢᠠᠨ ᠰᠤᠯᠢᠯᠴᠠᠵᠤ᠂ ᠭᠠᠴᠠᠭᠠᠨ ᠤ《ᠬᠤᠶᠠᠷ ᠵᠦᠪᠯᠡᠯ》᠋ ᠤᠨ ᠤᠳᠤᠷᠢᠳᠬᠤ ᠪᠠᠭ ᠤᠨ ᠪᠠᠢᠭᠤᠯᠤᠯᠳᠠ᠂ ᠭᠠᠴᠠᠭᠠᠨ ᠤ ᠺᠠᠳ᠋ᠷ ᠤᠨ ᠲᠤᠰᠢᠶᠠᠯ ᠶᠢᠠᠨ ᠬᠦᠢᠴᠡᠳᠭᠡᠵᠤ ᠪᠠᠢᠭ᠎ᠠ ᠪᠠᠢᠳᠠᠯ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ ᠤᠨ ᠠᠰᠠᠭᠤᠳᠠᠯ ᠵᠡᠷᠭᠡ ᠠᠵᠢᠯ ᠳᠤ ᠬᠦᠨᠵᠡᠭᠡᠢ ᠠᠰᠠᠭᠤᠨ ᠯᠠᠪᠯᠠᠵᠤ ᠤᠢᠯᠠᠭᠠᠯᠳᠠ ᠬᠢᠭᠰᠡᠡ ᠪᠠᠢᠨ᠎ᠡ᠃

ᠪᠠᠶᠠᠨᠰᠠᠩ ᠱᠠᠭᠠᠷᠳᠠᠭᠰᠨᠨ ᠨᠢ᠂ ᠪᠠᠶᠠᠷᠳᠤᠬᠤᠰᠢᠭᠤ ᠪᠠᠯᠭᠠᠰᠤᠨ ᠤ ᠨᠠᠮ ᠵᠠᠰᠠᠭ ᠤᠨ ᠭᠤᠤᠯ ᠬᠠᠷᠢᠭᠤᠴᠠᠯᠭᠠᠳᠠᠨ ᠨᠦᠬᠦᠷ ᠪᠠ ᠭᠠᠴᠠᠭᠠᠨ ᠳᠤ ᠰᠠᠭᠤᠭ᠎ᠠ ᠨᠢᠭᠡᠳᠤᠭᠡᠷ ᠱᠦᠵᠢ᠂ᠭᠠᠴᠠᠭᠠᠨ ᠳᠤ ᠰᠠᠭᠤᠭ᠎ᠠ ᠠᠵᠢᠯᠯᠠᠬᠤ ᠲᠤᠭᠤᠢᠯᠠᠩ ᠤᠨ ᠭᠡᠰᠢᠬᠦᠨ ᠤᠯᠤᠰ ᠲᠦᠷᠤ ᠶᠢᠨ ᠵᠤᠭᠰᠤᠴᠨ ᠪᠤᠯᠤᠨ ᠦᠵᠡᠯ ᠰᠠᠨᠠᠭᠠᠨ ᠤ ᠲᠠᠨᠢᠯᠳᠠ ᠪᠠᠨ ᠲᠠᠭᠡᠭᠰᠢᠯᠡᠬᠦᠯᠵᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠶᠡᠷᠤᠩᠭᠡᠢ ᠲᠤᠬᠢᠷᠠᠭᠤᠯᠤᠯᠳᠠ ᠪᠠᠢᠷᠢᠯᠠᠭᠤᠯᠤᠳᠠ ᠶᠤᠰᠤᠭᠠᠷ᠂ ᠰᠤᠯᠨ ᠲᠤᠷᠤᠢ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠢᠭᠤᠯᠤᠯᠳᠠ ᠶᠢ ᠤᠨᠤᠪᠴᠢᠳᠠᠢ ᠤᠢᠯᠠᠭᠠᠬᠤ ᠶᠢ ᠨᠠᠷᠢᠨ ᠬᠢᠨᠠᠮᠠᠭᠠᠢ ᠦᠷᠨᠢᠬᠦᠯᠤᠨ᠂ ᠭᠠᠴᠠᠭ᠎ᠠ ᠲᠠᠷᠠᠭᠠᠯᠠᠨ ᠰᠤᠳᠤᠯᠤᠨ ᠮᠠᠭᠠᠳᠯᠠᠯᠳᠠ ᠬᠢᠵᠤ᠂ ᠴᠡᠭᠴᠡᠯᠡᠨ ᠦᠭᠡᠷᠡᠴᠢᠯᠡᠵᠤ ᠠᠵᠢᠯ ᠶᠢᠠᠨ ᠲᠠᠭᠡᠭᠰᠢᠯᠡᠬᠦᠯᠬᠦ ᠪᠤᠯᠤᠨ ᠶᠠᠳᠠᠭᠤ ᠡᠴᠨ ᠠᠩᠬᠢᠵᠢᠷᠠᠨ ᠪᠠᠬᠢᠯᠡᠯᠳᠠ ᠰᠢᠪᠳᠤᠯᠬᠤ᠂ ᠬᠠᠷ᠎ᠠ ᠪᠦᠯᠦᠭᠳᠠᠨ ᠬᠠᠷᠬᠢᠰ ᠬᠦᠴᠤᠨ ᠢ ᠠᠷᠢᠯᠭᠠᠬᠤ᠂ ᠵᠠᠬᠢᠳᠠᠯ ᠰᠤᠷᠪᠤᠯᠵᠢᠯᠠᠭ᠎ᠠ ᠶᠢᠨ ᠵᠦᠷᠢᠴᠡᠯ᠂ ᠱᠠᠰᠢᠨ ᠰᠤᠷᠳᠠᠬᠤᠨ ᠤ ᠬᠦᠴᠤᠨ ᠵᠢᠴᠢ《ᠬᠤᠶᠠᠷ ᠵᠦᠪᠯᠡᠯ》᠋ ᠤᠨ ᠤᠳᠤᠷᠢᠳᠬᠤ ᠪᠠᠭ ᠤᠨ ᠠᠰᠠᠭᠤᠳᠠᠯ ᠲᠠᠢ ᠤᠷᠭᠠᠨᠢᠭ ᠶᠢᠠᠷ ᠤᠶᠠᠯᠳᠤᠭᠤᠯᠤᠨ᠂ ᠬᠠᠷᠢᠯᠴᠠᠨ ᠲᠦᠯᠬᠢᠨ ᠠᠬᠢᠭᠤᠯᠵᠤ᠂ ᠬᠦᠨᠵᠡᠭᠡᠢ ᠤᠢᠯᠠᠭᠠᠵᠤ ᠮᠡᠳᠡᠨ᠂ ᠦᠨᠳᠤᠰᠤᠨ ᠡᠴᠨ ᠨᠢ ᠵᠠᠰᠠᠬᠤ ᠭᠡᠷᠡᠭᠳᠡᠢ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠵᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠪᠠᠢᠳᠠᠯ ᠳᠤ ᠵᠢᠯᠤᠭᠤᠳᠤᠯᠭ᠎ᠠ ᠬᠢᠭᠰᠡᠡ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠬᠤᠶᠠᠳᠤᠭᠠᠷ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠭᠰᠨᠨ ᠨᠢ