ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠬᠤᠶᠠᠳᠤᠭᠠᠷ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠭᠰᠨᠨ ᠨᠢ
10 ᠰᠠᠷ᠎ᠠ ᠶᠢᠨ11᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠬᠤᠶᠠᠳᠤᠭᠠᠷ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠢ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠪᠡ᠃




ᠰᠤᠳᠤᠯᠤᠨ ᠶᠠᠷᠢᠯᠴᠠᠬᠤ ᠬᠤᠷᠠᠯ ᠲᠠᠭᠡᠷ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠨ ᠪᠤᠯᠤᠨ ᠰᠠᠯᠠᠭᠠᠨ ᠲᠠᠰ ᠡᠴᠨ ᠲᠠᠭᠡᠭᠰᠢᠬᠢ ᠺᠠᠳ᠋ᠷ ᠡᠴᠨ《ᠤᠭ ᠰᠠᠨᠠᠭ᠎ᠠ ᠪᠠᠨ ᠦᠯᠤ ᠮᠠᠷᠳᠠᠨ᠂ ᠢᠳᠡᠭᠡᠯ ᠬᠦᠰᠡᠯ ᠶᠢᠠᠨ ᠪᠠᠳᠤᠳᠬᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠨᠡᠩ ᠰᠠᠢᠨ ᠶᠢᠠᠷ ᠤᠢᠯᠡᠴᠢᠯᠡᠬᠦ》᠋ ᠪᠡᠷ ᠭᠤᠤᠯ ᠰᠡᠳᠤᠪ ᠪᠤᠯᠭᠠᠨ᠂ ᠤᠢᠷ᠎ᠠ ᠳᠤ ᠬᠠᠮᠳᠤ ᠪᠡᠷ ᠰᠤᠷᠤᠯᠴᠠᠭᠰᠨᠨ ᠪᠤᠯᠤᠨ ᠬᠤᠪᠢ ᠶᠢᠨ ᠰᠤᠷᠤᠯᠴᠠᠯᠭ᠎ᠠ ᠶᠢᠨ ᠪᠠᠢᠳᠠᠯ ᠢ ᠦᠨᠳᠤᠰᠤᠯᠡᠵᠤ᠂ ᠦᠪᠡᠷ ᠤᠨ ᠦᠵᠡᠯ ᠰᠠᠨᠠᠭ᠎ᠠ ᠠᠵᠢᠯ ᠤᠨ ᠪᠤᠳᠠᠳᠠᠢ ᠪᠤᠯᠤᠨ ᠲᠤᠬᠠᠢᠯᠠᠭᠰᠨᠨ ᠠᠵᠢᠯ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠬᠤ ᠰᠠᠨᠠᠯ ᠰᠤᠯᠢᠯᠴᠠᠭ᠎ᠠ ᠦᠷᠨᠢᠬᠦᠯᠦᠭᠰᠨᠨ ᠪᠠᠢᠨ᠎ᠡ᠃
ᠬᠤᠷᠠᠯ ᠡᠴᠨ ᠴᠢᠩᠭᠠᠳᠬᠠᠨᠭᠰᠨᠨ ᠨᠢ᠂ ᠡᠪ ᠬᠠᠮᠳᠤ ᠨᠠᠮ ᠤᠨ ᠭᠡᠰᠢᠬᠦᠨ ᠤᠭ ᠰᠠᠨᠠᠭ᠎ᠠ ᠪᠤᠯᠤᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠢ ᠰᠠᠢᠳᠤᠷ ᠦᠷᠨᠢᠬᠦᠯᠤᠨ᠂ ᠨᠠᠮ ᠤᠨ ᠤᠯᠤᠰ ᠲᠦᠷᠤ ᠶᠢᠨ ᠰᠠᠬᠢᠯᠭ᠎ᠠ ᠪᠠᠳᠤ ᠤᠯᠤᠰ ᠲᠦᠷᠤ ᠶᠢᠨ ᠶᠤᠰᠤ ᠲᠦᠷᠢᠮ ᠢ ᠴᠢᠩᠭ᠎ᠠ ᠰᠠᠬᠢᠵᠤ᠂ ᠤᠯᠤᠰ ᠲᠦᠷᠤ ᠶᠢᠨ ᠵᠤᠭᠰᠤᠯᠳᠠ᠂ ᠤᠯᠤᠰ ᠲᠦᠷᠤ ᠶᠢᠨ ᠴᠢᠭᠯᠡᠯ᠂ ᠤᠯᠤᠰ ᠲᠦᠷᠤ ᠶᠢᠨ ᠵᠠᠷᠴᠢᠮ᠂ ᠤᠯᠤᠰ ᠲᠦᠷᠤ ᠶᠢᠨ ᠵᠠᠮ ᠲᠠᠭᠡᠷ᠎ᠠ ᠨᠠᠮ ᠤᠨ ᠲᠦᠪ ᠬᠤᠷᠢᠶ᠎ᠠ ᠲᠠᠢ ᠨᠢᠭᠡᠳᠤᠯᠳᠠᠢ ᠪᠠᠢᠬᠤ ᠭᠡᠷᠡᠭᠳᠡᠢ᠃ ᠨᠠᠮ ᠤᠨ ᠭᠡᠰᠢᠬᠦᠨ ᠺᠠᠳ᠋ᠷ ᠤᠯᠨᠨ ᠲᠦᠮᠨᠨ ᠲᠠᠢ ᠨᠢᠭᠳᠠ ᠬᠠᠷᠢᠯᠴᠠᠬᠤ ᠦᠨᠳᠤᠰᠤᠨ ᠱᠠᠭᠠᠷᠳᠠᠯᠭ᠎ᠠ ᠶᠢ ᠭᠤᠤᠯ ᠰᠡᠳᠤᠪᠳᠤ ᠬᠦᠮᠤᠵᠢᠯ ᠤᠨ ᠪᠦᠬᠦ ᠶᠠᠪᠤᠴᠨ ᠳᠤ ᠠᠭᠤᠰᠤᠯᠳᠤᠭᠤᠯᠤᠨ᠂ ᠤᠯᠨᠨ ᠲᠦᠮᠨᠨ ᠲᠠᠢ ᠬᠠᠷᠢᠯᠴᠠᠬᠤ ᠲᠤᠭᠳᠠᠯᠴᠠᠭ᠎ᠠ ᠶᠢᠨ ᠰᠢᠨ᠎ᠠ ᠶᠢ ᠡᠬᠦᠳᠴᠤ᠂ ᠰᠦᠯᠵᠢᠶᠠᠨ ᠤ《ᠲᠦᠯᠤᠭᠡᠯᠡᠭᠴᠢ ᠶᠢᠨ ᠭᠡᠷ ᠪᠦᠯᠢ》᠋ ᠶᠢᠨ ᠲᠠᠪᠴᠠᠩ ᠢ ᠠᠰᠢᠭᠯᠠᠨ᠂ ᠬᠦᠴᠤ ᠪᠠᠨ ᠨᠢᠭᠡᠳᠭᠡᠵᠤ᠂ ᠦᠨᠳᠤᠰᠤᠨ ᠱᠠᠳᠤ ᠲᠠᠢ ᠰᠢᠭᠤᠤᠨ ᠨᠡᠪᠳᠡᠷᠡᠯᠴᠡᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠺᠠᠳ᠋ᠷ᠂ ᠠᠷᠠᠳ ᠤᠨ ᠲᠦᠯᠤᠭᠡᠯᠡᠭᠴᠢ ᠡᠴᠨ ᠤᠯᠨᠨ ᠲᠦᠮᠨᠨ ᠤ ᠬᠦᠰᠡᠯ ᠱᠠᠭᠠᠷᠳᠠᠯᠭ᠎ᠠ ᠶᠢ ᠢᠯᠡᠳᠭᠡᠵᠤ᠂ ᠠᠷᠠᠳ ᠤᠨ ᠰᠠᠨᠠᠭ᠎ᠠ ᠶᠢᠨ ᠵᠠᠮ ᠰᠤᠪᠠᠭ ᠲᠠᠢ ᠨᠡᠪᠳᠡᠷᠡᠯᠴᠡᠨ᠂ ᠤᠯᠨᠨ ᠲᠦᠮᠨᠨ ᠤ ᠭᠤᠶᠤᠴᠢᠯᠠᠯ ᠱᠠᠭᠠᠷᠳᠠᠯᠭ᠎ᠠ ᠳᠤ ᠬᠠᠷᠢᠭᠤ ᠲᠤᠰᠬᠠᠯ ᠬᠢᠵᠤ᠂ ᠭᠤᠤᠯ ᠰᠡᠳᠤᠪᠳᠤ ᠬᠦᠮᠤᠵᠢᠯ ᠤᠨ ᠪᠤᠳᠠᠳᠤ ᠦᠷ᠎ᠠ ᠪᠦᠳᠤᠮᠵᠢ ᠤᠯᠬᠤ ᠶᠢ ᠪᠠᠳᠤᠯᠠᠬᠤ ᠭᠡᠷᠡᠭᠳᠡᠢ ᠭᠡᠵᠡᠢ᠃