ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠡᠴᠨ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ《 ᠪᠢ ᠡᠭᠡ ᠤᠯᠤᠰ ᠲᠠᠢ ᠪᠠᠨ》ᠭᠡᠬᠦ ᠺᠢᠨᠤ᠋ ᠶᠢ ᠬᠠᠮᠳᠤᠪᠠᠷ ᠦᠵᠡᠨ ᠰᠤᠨᠢᠷᠬᠠᠭᠰᠠᠠ ᠨᠢ

 

ᠡᠭᠡ ᠤᠷᠤᠨᠴᠢ ᠦᠵᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠨᠠᠮ ᠤᠨ ᠭᠡᠰᠢᠬᠦᠨ ᠺᠠᠳ᠋ᠷ ᠤᠨ ᠨᠠᠮ ᠶᠢᠠᠨ ᠬᠠᠢᠷᠠᠯᠠᠬᠤ ᠤᠯᠤᠰ ᠶᠢᠠᠨ ᠬᠠᠢᠷᠠᠯᠠᠬᠤ ᠡᠭᠡ ᠤᠷᠤᠨᠴᠢ ᠬᠠᠯᠠᠭᠤᠨ ᠰᠡᠳᠬᠢᠯᠭᠡ ᠶᠢ ᠬᠦᠭᠵᠢᠭᠡᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》 ᠭᠤᠤᠯ ᠰᠡᠳᠤᠪᠳᠤ ᠬᠦᠮᠤᠵᠢᠯ ᠢ ᠬᠦᠨᠵᠡᠭᠡᠢ ᠦᠷᠨᠢᠬᠦᠯᠬᠦ ᠶᠢᠨ ᠲᠦᠯᠤᠭᠡ᠂10 ᠰᠠᠷ᠎ᠠ ᠶᠢᠨ 15᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ《ᠪᠢ ᠡᠭᠡ ᠤᠯᠤᠰ ᠲᠠᠢ ᠪᠠᠨ》ᠭᠡᠬᠦ ᠺᠢᠨᠤ᠋ ᠶᠢ ᠬᠠᠮᠳᠤᠪᠠᠷ ᠦᠵᠡᠨ ᠰᠤᠨᠢᠷᠬᠠᠭᠰᠨᠨ ᠪᠠᠢᠨ᠎ᠡ᠃


《ᠪᠢ ᠡᠭᠡ ᠤᠯᠤᠰ ᠲᠠᠢ ᠪᠠᠨ》ᠭᠡᠬᠦ ᠺᠢᠨᠤ᠋ ᠨᠢ《ᠡᠭᠡᠯ ᠬᠦᠮᠤᠨ ᠤ ᠡᠩ ᠤᠨ ᠭᠡᠷᠡᠭ ᠤᠴᠢᠷ》᠋ ᠶᠢᠠᠷ《ᠶᠡᠭᠡ ᠴᠠᠭ ᠦᠶ᠎ᠠ》᠋ ᠶᠢ ᠲᠤᠰᠬᠠᠠ᠂ ᠡᠩ ᠤᠨ ᠠᠷᠠᠳ ᠤᠨ ᠬᠠᠷᠠᠭᠠᠰᠤ ᠡᠴᠨ ᠦᠯᠢᠭᠡᠷ ᠲᠤᠭᠠᠴᠢᠭᠤᠯᠵᠤ᠂《ᠤᠷᠢᠳ ᠰᠦᠨᠢ》《ᠠᠭᠤᠯᠵᠠᠯᠳᠠ》《ᠮᠠᠩᠯᠠᠢᠯᠠᠭᠰᠨᠨ》《ᠡᠭᠡ ᠤᠯᠤᠰ ᠲᠠᠭᠠᠨ ᠪᠤᠴᠠᠭᠰᠨᠨ》《ᠰᠠᠢᠨ ᠪᠠᠢᠨᠤ ᠪᠡᠭᠡᠵᠢᠩ》《 ᠡᠳᠤᠷ ᠤᠨ ᠰᠤᠯᠢᠷ ᠤᠳᠤ》 ᠪᠤᠯᠤᠨ《ᠠᠶᠠᠨ ᠤ ᠬᠠᠮᠠᠭᠠᠯᠠᠯ》 ᠵᠡᠷᠭᠡ 7ᠭᠡᠰᠡᠭ ᠦᠯᠢᠭᠡᠷ ᠶᠢᠠᠷ ᠲᠠᠤᠭᠡ ᠶᠢᠨ ᠭᠱᠠᠠ ᠢ ᠲᠠᠬᠢᠨ ᠢᠯᠡᠷᠡᠭᠦᠯᠤᠨ᠂ ᠤᠯᠨᠨ ᠤ ᠰᠠᠭᠤᠭᠳᠠᠯ ᠢ ᠰᠡᠷᠢᠭᠡᠭᠰᠨᠨ ᠪᠠᠢᠨ᠎ᠡ᠃ ᠨᠢᠭᠡ ᠨᠢᠭᠡ ᠪᠡᠷ ᠶᠢᠠᠨ ᠴᠠᠭ ᠦᠶᠡᠳᠤ ᠴᠢᠨᠠᠷ ᠲᠠᠢ ᠨᠠᠷᠢᠯᠢᠭ ᠤᠴᠢᠷ ᠶᠠᠪᠤᠳᠠᠯ ᠪᠠᠢᠵᠤ᠂ ᠠᠷᠠᠳ ᠲᠦᠮᠨᠨ ᠤ ᠡᠯ᠎ᠠ ᠠᠵᠢᠯ ᠡᠯ᠎ᠠ ᠬᠦᠷᠢᠶ᠎ᠠ ᠭᠡᠪᠴᠢᠶᠠᠨ ᠳᠡᠭᠡᠨ ᠡᠬᠦᠷᠭᠡ ᠬᠠᠷᠢᠭᠤᠴᠠᠯᠭ᠎ᠠ ᠪᠠᠨ ᠴᠢᠷᠮᠠᠢᠨ ᠬᠦᠢᠴᠡᠳᠭᠡᠵᠤ ᠪᠠᠢᠭ᠎ᠠ ᠶᠢ ᠨᠠᠷᠢᠨ ᠪᠤᠳᠠᠳᠠᠢ ᠲᠤᠰᠬᠠᠨ᠂ ᠤᠯᠤᠰ ᠭᠡᠷ ᠤᠨ ᠲᠦᠯᠤᠭᠡ ᠵᠤᠷᠢᠭᠤᠯᠤᠭᠰᠨᠨ ᠪᠠᠭ᠎ᠠ ᠰᠠᠭ᠎ᠠ ᠤᠴᠢᠷ ᠶᠠᠪᠤᠳᠠᠯ ᠨᠢ ᠤᠯᠠᠨ ᠲᠦᠮᠨᠨ ᠤ ᠬᠦᠨ ᠴᠤᠤᠷᠢᠶᠠᠯ ᠢ ᠡᠬᠦᠰᠭᠡᠭᠰᠡᠡ ᠪᠠᠢᠨ᠎ᠡ᠃ ᠪᠠᠭ᠎᠎ᠠ ᠪᠤᠰᠤ ᠨᠠᠮ ᠤᠨ ᠭᠡᠰᠢᠬᠦᠨ ᠺᠠᠳ᠋ᠷ ᠡᠴᠨ ᠺᠢᠨᠤ᠋ ᠰᠤᠨᠢᠷᠠᠬᠬᠤ ᠶᠢᠨ ᠲᠠᠭᠠᠤ ᠳᠤ ᠤᠢᠯᠠ ᠶᠠᠪᠤᠳᠠᠯ ᠳᠤᠨᠢ ᠤᠶᠠᠷᠠᠨ ᠨᠢᠯᠪᠤᠰᠤ ᠪᠠᠨ ᠠᠷᠴᠢᠵᠤ ᠪᠠᠢᠯ᠎ᠠ᠃

ᠺᠢᠨᠤ᠋ ᠦᠵᠡᠨ ᠲᠠᠭᠤᠰᠤᠭᠰᠨᠨ ᠤ ᠲᠠᠷᠠᠭ᠎ᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠭᠡᠰᠢᠬᠦᠨ ᠺᠠᠳ᠋ᠷ ᠡᠴᠨ ᠲᠠᠤᠭᠡ ᠶᠢᠨ ᠭᠱᠠᠨ ᠢ ᠡᠬᠦᠳᠦᠭᠰᠨᠨ《ᠬᠤᠪᠢ ᠬᠦᠮᠤᠨ》᠋ ᠤ ᠤᠯᠤᠰ ᠭᠡᠷ ᠲᠤ ᠠᠭᠤᠰᠤᠯᠳᠤᠭᠰᠨᠨ《ᠶᠡᠭᠡ ᠬᠦᠮᠤᠨ》᠋ ᠤ ᠵᠤᠷᠢᠭ ᠰᠠᠨᠠᠭ᠎ᠠ ᠳᠤ ᠰᠡᠳᠬᠢᠯ ᠲᠤᠭᠳᠤᠯᠵᠤ᠂ ᠨᠡᠩ ᠰᠢᠨ᠎ᠠ ᠲᠤᠮᠳᠠᠳᠤ ᠤᠯᠤᠰ ᠪᠠᠢᠭᠤᠯᠤᠭᠳᠠᠭᠰᠨᠨ ᠡᠴᠨ ᠨᠠᠰᠢᠬᠢ ᠤᠯᠤᠭᠰᠠᠨ ᠲᠤᠮᠤ ᠶᠡᠭᠡ ᠠᠮᠵᠢᠯᠳᠠ ᠳᠤ ᠤᠮᠤᠭᠰᠢᠨ᠂ ᠡᠭᠡ ᠤᠯᠤᠰ ᠶᠢᠠᠨ ᠮᠠᠭᠳᠠᠨ ᠲᠠᠭᠤᠯᠠᠬᠤ ᠶᠢᠨ ᠬᠠᠮᠳᠤ᠂ ᠤᠭ ᠰᠠᠨᠠᠭ᠎ᠠ ᠪᠠᠨ ᠰᠠᠬᠢᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠲᠤᠰᠢᠶᠠᠯ ᠶᠢᠠᠨ ᠴᠢᠷᠮᠠᠢᠵᠤ ᠬᠦᠢᠴᠡᠳᠭᠡᠨ᠂ᠪᠦᠬᠦ ᠰᠠᠨᠠᠭ᠎ᠠ ᠪᠠᠢᠳᠠᠭ ᠴᠢᠳᠠᠯ ᠶᠢᠠᠨ ᠭᠠᠷᠭᠠᠠ᠂ ᠭᠤᠢᠪᠢᠰᠢ ᠦᠭᠡᠢ ᠪᠡᠷ ᠨᠠᠮ ᠶᠢᠠᠨ ᠲᠠᠭᠠᠵᠤ᠂ᠲᠤᠮᠳᠠᠳᠤ ᠶᠢᠨ ᠵᠡᠬᠦᠳᠤ ᠪᠠᠨ ᠲᠠᠷᠭᠡᠯᠰᠢᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠬᠦᠷᠭᠡ ᠬᠠᠷᠢᠭᠤᠴᠠᠯᠭ᠎ᠠ ᠵᠢ ᠦᠨᠡᠨᠬᠦ ᠬᠦᠢᠴᠡᠳᠭᠡᠵᠤ᠂ ᠵᠠᠷᠤᠤᠨ ᠤᠨ ᠬᠦᠭᠵᠢᠯᠳᠠ ᠶᠢ ᠲᠦᠯᠬᠢᠨ ᠠᠬᠢᠭᠤᠯᠬᠤ ᠳᠤ ᠵᠤᠬᠢᠬᠤ ᠬᠤᠪᠢ ᠨᠡᠮᠠᠷᠢ ᠦᠵᠡᠬᠦᠯᠤᠨ᠎ᠡ ᠭᠡᠵᠤ ᠲᠤᠰ ᠲᠤᠰ ᠢᠯᠡᠷᠭᠡᠢᠯᠡᠵᠡᠪᠡ᠃

 

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠬᠤᠶᠠᠳᠤᠭᠠᠷ ᠤᠳᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠭᠰᠨᠨ ᠠᠰᠠᠭᠤᠳᠠᠯ ᠶᠢᠠᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ