ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎᠎ᠠ ᠶᠢᠨ ᠪᠠᠢᠭᠤᠯᠭ᠎ᠠ ᠬᠤᠷᠠᠯ ᠬᠤᠷᠠᠯᠳᠤᠭᠤᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠨᠨ ᠨᠢ


10 ᠰᠠᠷ᠎ᠠ ᠶᠢᠨ18᠋᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠬᠤᠷᠠᠯ ᠬᠤᠷᠠᠯᠳᠤᠭᠤᠯᠤᠨ᠂ ᠬᠤᠰᠢᠭᠤᠨ ᠤ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠤᠳᠠᠳᠠᠢ ᠠᠵᠢᠯ ᠳᠤ ᠲᠤᠬᠢᠷᠠᠭᠤᠯᠤᠯᠳᠠ ᠪᠠᠢᠷᠢᠯᠠᠭᠤᠯᠤᠯᠳᠠ ᠬᠢᠭᠰᠡᠡ ᠪᠠᠢᠨ᠎ᠡ᠃



ᠬᠤᠷᠠᠯ ᠡᠴᠨ ᠪᠦᠬᠦ ᠬᠤᠰᠢᠭᠤᠨ ᠤ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ᠂ᠶᠠᠳᠠᠭᠤ ᠡᠴᠨ ᠠᠩᠬᠢᠵᠢᠷᠠᠬᠤ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠤ ᠰᠡᠷᠬᠦᠨ ᠮᠠᠨᠳᠤᠯᠳᠠ ᠵᠡᠷᠭᠡ ᠬᠠᠮᠢᠶ᠎ᠠ ᠪᠦᠬᠦᠢ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠭᠰᠨᠨ ᠪᠠᠢᠨ᠎ᠡ᠃

ᠬᠤᠷᠠᠯ ᠡᠴᠨ ᠵᠢᠭᠠᠵᠤ ᠭᠠᠷᠭᠠᠭᠰᠨᠨ ᠨᠢ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠡᠬᠢᠯᠡᠭᠰᠨᠨ ᠡᠴᠨ ᠨᠠᠰᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠬᠤᠰᠢᠭᠤᠨ ᠤ ᠨᠠᠮ ᠤᠨ ᠬᠤᠷᠢᠶ᠎ᠠ ᠶᠢᠨ ᠨᠢᠭᠡᠳᠤᠯᠳᠠᠢ ᠪᠠᠢᠷᠢᠯᠠᠭᠤᠯᠤᠯᠳᠠ ᠪᠤᠯᠤᠨ ᠱᠠᠭᠠᠷᠳᠠᠯᠭ᠎ᠠ ᠶᠤᠰᠤᠭᠠᠷ᠂ ᠭᠤᠤᠯ ᠰᠡᠳᠤᠪᠳᠤ ᠬᠦᠮᠤᠵᠢᠯ ᠤᠨ ᠬᠦᠳᠡᠯᠭᠡᠭᠡᠨ ᠢ ᠪᠦᠬᠦ ᠲᠠᠯ᠎ᠠ ᠪᠠᠷ ᠲᠦᠯᠬᠢᠨ ᠠᠬᠢᠭᠤᠯᠤᠭᠰᠨᠨ ᠪᠠᠢᠨ᠎ᠡ ᠭᠡᠵᠡᠢ᠃

  ᠬᠤᠷᠠᠯ ᠡᠴᠨ ᠱᠠᠭᠠᠷᠳᠠᠭᠰᠠᠨ ᠨᠢ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠺᠠᠳ᠋ᠷ ᠠᠵᠢᠯᠳᠠᠨ ᠤᠯᠤᠰ ᠲᠦᠷᠤ ᠶᠢᠨ ᠵᠤᠭᠰᠤᠴᠨ ᠪᠠᠨ ᠦᠨᠡᠨᠬᠦ ᠲᠠᠭᠡᠭᠰᠢᠯᠡᠬᠦᠯᠵᠤ᠂ ᠤᠷᠤᠰᠢᠵᠤ ᠪᠠᠢᠭ᠎ᠠ ᠠᠰᠠᠭᠤᠳᠠᠯ ᠪᠤᠯᠤᠨ ᠬᠦᠷᠤᠯᠴᠡᠬᠦ ᠦᠭᠡᠢ ᠲᠠᠯ᠎ᠠ ᠪᠠᠨ ᠵᠦᠪ ᠶᠢᠠᠷ ᠲᠠᠨᠢᠨ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠳᠡᠭᠡᠨ ᠬᠦᠨ ᠰᠠᠭᠤᠭᠳᠠᠭᠤᠯᠬᠤ ᠶᠢ ᠴᠢᠷᠮᠠᠢᠵᠤ ᠠᠬᠢᠭᠤᠯᠤᠨ᠂ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶ᠎ᠠ᠂ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠶᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠶᠢᠨ ᠲᠤᠭᠤᠷᠢᠨ ᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎᠎ᠠ ᠶᠢᠨ ᠪᠠᠢᠭᠤᠯᠭ᠎ᠠ ᠶᠢᠨ ᠪᠤᠳᠠᠳᠠᠢ ᠲᠠᠢ ᠤᠶᠠᠯᠳᠤᠭᠤᠯᠤᠨ᠂ ᠠᠰᠠᠭᠤᠳᠠᠯ ᠪᠠ ᠤᠢᠯᠡᠳᠤᠯᠭᠡ ᠶᠢᠨ ᠤᠳᠤᠷᠢᠳᠤᠮᠵᠢ ᠶᠢ ᠪᠠᠷᠢᠮᠳᠠᠯᠠᠵᠤ᠂ ᠬᠦᠨᠵᠡᠭᠡᠢ ᠪᠠᠢᠴᠠᠭᠠᠵᠤ ᠰᠤᠳᠤᠯᠤᠨ᠂ ᠭᠤᠤᠯ ᠰᠡᠳᠤᠪᠳᠤ ᠬᠦᠮᠤᠵᠢᠯ ᠢ ᠦᠨᠡᠨ ᠪᠤᠳᠠᠳᠠᠢ ᠬᠢᠵᠤ᠂ ᠦᠨᠳᠤᠷ ᠪᠦᠳᠤᠮᠵᠢᠳᠠᠢ ᠦᠷᠨᠢᠬᠦᠯᠤᠨ᠂ ᠪᠤᠳᠠᠳᠠᠢ ᠠᠮᠵᠢᠯᠳᠠ ᠤᠯᠬᠤ ᠭᠡᠷᠡᠭᠳᠡᠢ ᠭᠡᠵᠡᠢ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ《ᠡᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》 ᠭᠤᠤᠯ ᠰᠡᠳᠤᠪᠳᠤ ᠬᠦᠮᠤᠵᠢᠯ ᠤᠨ ᠰᠢᠷᠢᠰ ᠠᠵᠢᠯᠯᠠᠭ᠎ᠠ ----ᠰᠡᠷᠡᠮᠵᠢᠯᠡᠬᠦᠯᠤᠯ ᠤᠨ ᠬᠦᠮᠤᠵᠢᠯ ᠤᠨ ᠠᠵᠢᠯᠯᠠᠭ᠎ᠠ ᠦᠷᠨᠢᠬᠦᠯᠦᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠨᠠᠮ ᠤᠨ ᠬᠢᠴᠢᠶᠡᠯᠯᠡᠭᠡ ᠬᠢᠭᠰᠡᠡ ᠨᠢ