ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ 《ᠤᠭ ᠰᠠᠨᠠᠭ᠎ᠠ ᠪᠠᠨ ᠰᠠᠬᠢᠨ ᠲᠠᠩᠭᠠᠷᠢᠭ ᠢ ᠡᠷᠬᠢᠴᠡᠬᠦᠯᠬᠦ》ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠨᠨ ᠨᠢ


ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠠᠵᠢᠯ ᠤᠨ ᠲᠤᠬᠢᠷᠠᠭᠤᠯᠤᠯᠳᠠ ᠶᠤᠰᠤᠭᠠᠷ᠂ 10 ᠰᠠᠷ᠎ᠠ ᠶᠢᠨ 22᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ᠂ ᠵᠢᠷᠤᠭᠡ ᠪᠠᠯᠭᠠᠰᠤᠨ ᠤ ᠤᠯᠤᠰ ᠶᠢᠠᠨ ᠬᠠᠢᠷᠠᠯᠠᠬᠤ ᠬᠦᠮᠤᠵᠢᠯ ᠤᠨ ᠰᠠᠭᠤᠷᠢᠨ ᠭᠠᠵᠠᠷ ᠲᠤ ᠬᠦᠷᠴᠤ᠂《ᠤᠭ ᠰᠠᠨᠠᠭ᠎ᠠ ᠪᠠᠨ ᠰᠠᠬᠢᠨ ᠲᠠᠩᠭᠠᠷᠢᠭ ᠢ ᠡᠷᠬᠢᠴᠡᠬᠦᠯᠬᠦ》ᠭᠤᠤᠯ ᠰᠡᠳᠤᠪᠳᠤ ᠨᠠᠮ ᠤᠨ ᠡᠳᠤᠷ ᠤᠨ ᠬᠦᠳᠡᠯᠭᠡᠭᠡᠨ ᠦᠷᠨᠢᠬᠦᠯᠦᠭᠰᠨᠨ ᠪᠠᠢᠨ᠎ᠡ᠃

ᠵᠢᠷᠤᠭᠡ ᠪᠠᠯᠭᠠᠰᠤ ᠪᠤᠯ ᠲᠠᠤᠭᠡ ᠰᠤᠶᠤᠯ ᠲᠦᠪᠯᠡᠷᠡᠭᠰᠨᠨ ᠭᠠᠵᠠᠷ ᠪᠤᠯᠤᠨ᠎ᠡ᠂1946 ᠤᠨ ᠤ10 ᠰᠠᠷ᠎ᠠ ᠳᠤ ᠲᠤᠮᠳᠠᠳᠤ ᠤᠯᠤᠰ ᠤᠨ ᠡᠪ ᠬᠠᠮᠳᠤ ᠨᠠᠮ ᠤᠨ ᠵᠠᠷᠤᠤᠨ ᠬᠤᠰᠢᠭᠤᠨ ᠤ ᠬᠤᠷᠢᠶ᠎ᠠ ᠵᠢᠷᠤᠭᠡ ᠳᠤ ᠪᠠᠢᠭᠤᠯᠤᠭᠳᠠᠵᠠᠢ᠃ ᠵᠢᠷᠤᠭᠡ ᠪᠠᠯᠭᠠᠰᠤᠨ ᠤ ᠤᠯᠤᠰ ᠶᠢᠠᠨ ᠬᠠᠢᠷᠠᠯᠠᠬᠤ ᠦᠵᠡᠯ ᠤᠨ ᠬᠦᠮᠤᠵᠢᠯ ᠤᠨ ᠰᠠᠭᠤᠷᠢᠨ ᠭᠠᠵᠠᠷ ᠢ ᠨᠠᠮ ᠤᠨ ᠲᠤᠭ ᠤᠨ ᠭᠡᠷᠡᠮ᠂ ᠵᠢᠷᠤᠭᠡ ᠪᠠᠯᠭᠠᠰᠤᠨ ᠤ ᠪᠤᠤ ᠠᠨ ᠼᠦᠨ ᠲᠤᠰᠬᠤᠨ ᠤ ᠲᠠᠤᠭᠡ ᠶᠢᠨ ᠤᠷᠳᠤᠨ᠂ ᠵᠢᠷᠤᠭᠡ ᠬᠤᠪᠢᠰᠬᠠᠯ ᠤᠨ ᠲᠠᠤᠭᠡᠨ ᠮᠦᠽᠸᠢ ᠭᠡᠵᠤ ᠭᠤᠷᠪᠠᠨ ᠦᠵᠡᠮᠵᠢ ᠶᠢᠨ ᠤᠷᠤᠨ ᠬᠤᠪᠢᠶᠠᠨ᠎ᠡ᠃






ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠨᠠᠷ ᠡᠴᠨ ᠨᠠᠮ ᠤᠨ ᠲᠤᠭ ᠤᠨ ᠭᠡᠷᠡᠮ ᠤᠨ ᠡᠮᠤᠨ᠎ᠡ ᠲᠦᠪ ᠶᠡᠭᠡᠮᠰᠤᠭ᠌ ᠶᠢᠠᠷ ᠲᠠᠩᠭᠠᠷᠢᠭᠯᠠᠵᠤ᠂ ᠨᠠᠮ ᠳᠤ ᠤᠷᠤᠬᠤ ᠲᠠᠩᠭᠠᠷᠢᠭ ᠤᠨ ᠦᠭᠡ ᠶᠢ ᠡᠷᠬᠢᠴᠡᠬᠦᠯᠤᠨ᠂ ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ᠂ ᠡᠬᠦᠷᠢᠳᠠ ᠨᠠᠮ ᠶᠢᠠᠨ ᠲᠠᠭᠠᠬᠤ ᠪᠠ ᠪᠦᠬᠦ ᠰᠡᠳᠬᠢᠯ ᠪᠦᠬᠦ ᠵᠤᠷᠢᠭ ᠶᠢᠠᠷ ᠠᠷᠠᠳ ᠲᠦᠮᠨᠨ ᠳᠡᠭᠡᠨ ᠤᠢᠯᠡᠴᠢᠯᠡᠬᠦ ᠢᠳᠡᠭᠡᠯ ᠬᠦᠰᠡᠯ ᠶᠢᠠᠨ ᠤᠯᠠᠮ ᠨᠢᠭᠡ ᠠᠯᠬᠤᠮ ᠪᠠᠳᠤᠳᠬᠠᠪᠠ᠃ ᠵᠢᠷᠤᠭᠡ ᠶᠢᠨ ᠪᠤᠤ ᠠᠨ ᠼᠦᠨ ᠲᠤᠰᠬᠤᠨ ᠤ ᠲᠠᠤᠭᠡ ᠶᠢᠨ ᠤᠷᠳᠤᠨ ᠳᠤ᠂ ᠬᠤᠪᠢᠰᠬᠠᠯ ᠤᠨ ᠨᠦᠭᠴᠢᠭᠰᠡᠡ ᠪᠠᠭᠠᠳᠤᠷᠴᠤᠤᠨ ᠤᠨ ᠶᠠᠳᠠᠭᠤ ᠬᠦᠴᠢᠷᠳᠠᠢ ᠡᠳᠤᠷ᠋ ᠲᠤ ᠲᠦᠬᠦᠮ ᠪᠦᠳᠤᠬᠦᠯᠢᠭ᠌ ᠠᠵᠢᠯᠯᠠᠵᠤ ᠬᠤᠨᠤᠵᠤ ᠪᠠᠢᠭᠰᠨᠨ ᠨᠦᠬᠦᠴᠡᠯ ᠢ ᠲᠤᠭᠤᠷᠢᠨ ᠦᠵᠡᠵᠤ᠂ᠬᠤᠪᠢᠰᠬᠠᠯ ᠤᠨ ᠨᠦᠭᠴᠢᠭᠰᠡᠡ ᠪᠠᠭᠠᠳᠤᠷᠴᠤᠤᠨ ᠤᠨ  ᠤᠨ ᠲᠠᠮᠡᠴᠡᠭᠡᠨ ᠤ ᠭᠠᠰᠠᠯᠠᠩ ᠵᠤᠪᠠᠯᠠᠩ ᠵᠤᠪᠠᠭᠤᠷᠢ ᠵᠦᠳᠡᠬᠦᠷᠢᠳᠠᠢ ᠪᠠᠢᠭᠰᠨᠨ ᠪᠤᠯᠤᠨ ᠡᠳᠤᠭᠡ ᠶᠢᠨ ᠵᠤᠯ ᠵᠢᠷᠭᠠᠯᠳᠤ ᠠᠮᠢᠳᠤᠷᠠᠯ ᠢᠷᠡᠭᠰᠨᠨ ᠠᠮᠠᠷᠬᠠᠨ ᠪᠢᠰᠢ ᠭᠡᠳᠡᠭ ᠢ ᠡᠤᠢᠯᠠᠭᠠᠪᠠ᠃ᠵᠢᠷᠤᠭᠡ ᠬᠤᠪᠢᠰᠬᠠᠯ ᠤᠨ ᠲᠠᠤᠭᠡᠨ ᠮᠦᠽᠸᠢ ᠳᠤ ᠲᠤᠭᠤᠷᠢᠨ ᠦᠵᠡᠭᠰᠨᠨ ᠪᠠ ᠲᠤᠬᠠᠢ ᠶᠢᠨ ᠭᠠᠵᠠᠷ ᠲᠤ ᠲᠠᠢᠯᠪᠤᠷᠢᠯᠠᠨ ᠶᠠᠷᠢᠬᠤ ᠶᠢ ᠰᠤᠨᠤᠰᠴᠤ᠂ ᠵᠢᠷᠤᠭᠡ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠤᠨ ᠤᠨ ᠲᠤᠷᠠᠰᠬᠠᠯ ᠤᠨ ᠬᠦᠰᠢᠶ᠎ᠠ ᠶᠢᠨ ᠡᠮᠤᠨ᠎ᠡ ᠴᠡᠴᠡᠭ ᠬᠦᠷᠭᠡᠬᠦ ᠶᠤᠰᠤᠯᠠᠯ ᠶᠠᠪᠤᠭᠤᠯᠤᠨ᠂ ᠬᠤᠪᠢᠰᠬᠠᠯ ᠤᠨ ᠨᠦᠭᠴᠢᠭᠰᠡᠨ ᠪᠠᠭᠠᠳᠤᠷᠴᠤᠤᠨ ᠤᠨ ᠠᠷᠠᠳ ᠲᠦᠮᠨᠨ ᠤ ᠵᠤᠯ ᠵᠢᠷᠭᠠᠯ ᠤᠨ ᠲᠦᠯᠤᠭᠡ ᠡᠷᠡᠯᠭᠡᠭᠯᠡᠨ ᠲᠠᠮᠡᠴᠡᠵᠤ ᠢᠷᠠᠭᠤ ᠠᠯᠳᠠᠷ ᠲᠠᠢ ᠪᠡᠷ ᠪᠠᠶ᠎ᠠ ᠦᠷᠡᠭᠳᠡᠭᠰᠨᠨ ᠠᠭᠤᠤ ᠶᠡᠭᠡ ᠭᠠᠪᠢᠶ᠎ᠠ ᠵᠢᠳᠬᠦᠯ ᠢ ᠮᠦᠷᠤᠭᠡᠳᠤᠨ ᠰᠠᠨᠠᠭᠠᠯᠵᠠᠭᠰᠨᠨ ᠪᠠᠢᠨ᠎ᠡ᠃

ᠲᠤᠰ ᠤᠳᠠᠭᠠᠨ ᠤ ᠲᠤᠭᠤᠷᠢᠨ ᠦᠵᠡᠵᠤ ᠰᠤᠷᠤᠯᠴᠠᠭᠰᠨᠨ ᠬᠦᠳᠡᠯᠭᠡᠭᠡᠨ ᠪᠤᠯ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠰᠢᠷᠢᠰ ᠠᠵᠢᠯᠯᠠᠭ᠎᠎ᠠ ᠶᠢᠨ ᠨᠢᠭᠡ ᠨᠢ ᠪᠤᠯᠤᠨ᠎ᠡ᠃ ᠲᠤᠰ ᠤᠳᠠᠭᠠᠨ ᠤ ᠬᠤᠪᠤᠷᠬᠠᠨ ᠲᠤᠬᠢᠶᠠᠯᠳᠤᠬᠰᠠᠨ ᠰᠤᠷᠤᠯᠴᠠᠬᠤ ᠵᠠᠪᠰᠢᠶᠠᠨ ᠨᠢ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠳ ᠲᠤ᠂ᠬᠤᠪᠢᠰᠠᠬᠯ ᠤᠨ ᠨᠦᠭᠴᠢᠭᠰᠡᠡ ᠪᠠᠭᠠᠳᠤᠷᠴᠤᠤᠨ ᠤᠨ ᠲᠠᠮᠡᠴᠡᠵᠤ ᠤᠯᠤᠭᠰᠨᠨ ᠦᠷ᠎ᠠ ᠪᠦᠳᠤᠭᠡᠯ ᠬᠢᠯᠪᠡᠷ ᠶᠢᠠᠷ ᠢᠷᠡᠭᠰᠨᠨ ᠪᠢᠰᠢ ᠭᠡᠳᠡᠭ ᠢ ᠤᠯᠠᠮ ᠨᠢᠭᠡ ᠠᠯᠬᠤᠮ ᠤᠢᠯᠠᠭᠠᠭᠤᠯᠵᠤ᠂ ᠬᠤᠪᠢᠰᠬᠠᠯ ᠤᠨ ᠤᠯᠠᠮᠵᠢᠯᠠᠯᠳᠤ ᠬᠦᠮᠤᠵᠢᠯ ᠤᠨ ᠵᠤᠷᠢᠭ ᠰᠠᠨᠠᠭᠠᠨ ᠤ ᠤᠬᠢᠶᠠᠯ ᠬᠦᠷᠳᠡᠭᠡᠨ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠴᠢᠩᠭᠠᠷᠠᠭᠤᠯᠵᠤ᠂ ᠠᠳᠠᠯ ᠤᠢᠯᠠᠰ ᠪᠤᠰᠬᠠᠬᠤ ᠡᠷᠴᠢ ᠵᠤᠷᠢᠭ ᠢ ᠪᠠᠳᠠᠷᠠᠭᠤᠯᠤᠭᠰᠨᠨ ᠪᠠᠢᠨ᠎ᠡ᠃ᠪᠦᠬᠦᠳᠡᠭᠡᠷ ᠶᠢᠠᠨ ᠬᠤᠪᠢᠰᠬᠠᠯ ᠤᠨ ᠠᠬᠠᠮᠠᠳ ᠶᠢᠠᠷ ᠲᠠᠭᠤᠷᠢᠶᠠᠯ ᠪᠤᠯᠭᠠᠵᠤ᠂ ᠲᠠᠮᠡᠴᠡᠯ ᠤᠨ ᠵᠤᠷᠢᠭ ᠰᠠᠨᠠᠭ᠎ᠠ ᠪᠠᠳᠠᠷᠠᠠ ᠬᠦᠭᠵᠢᠭᠰᠡᠡ᠂ ᠤᠭ ᠰᠠᠨᠠᠭ᠎ᠠ ᠪᠠᠨ ᠦᠯᠤ ᠮᠠᠷᠳᠠᠠ᠂ ᠰᠢᠨ᠎ᠡ ᠴᠠᠭ ᠦᠶ᠎᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠤ᠂ᠨᠡᠩ ᠤᠷᠬᠢᠯᠤᠮ᠎ᠡ ᠬᠠᠯᠠᠭᠤᠨ ᠤᠯᠤᠰ ᠲᠦᠷᠤ  ᠶᠢᠨ ᠰᠡᠳᠬᠢᠯᠭᠡ ᠪᠠ ᠬᠠᠳᠠᠭᠤ ᠴᠢᠩᠭ᠎ᠠ ᠡᠬᠦᠷᠭᠡ ᠬᠠᠷᠢᠭᠤᠴᠠᠨ᠂ ᠰᠢᠨ᠎ᠡ ᠶᠢ ᠡᠬᠦᠳᠴᠤ᠂ ᠴᠢᠷᠮᠠᠢᠵᠤ ᠠᠵᠢᠯᠯᠠᠨ᠂ ᠮᠠᠨ ᠤ ᠬᠤᠰᠢᠭᠤᠨ ᠤ ᠠᠵᠤ ᠠᠬᠤᠢ ᠨᠡᠢᠭᠡᠮ ᠤᠨ ᠡᠷᠡᠬᠦᠯ ᠶᠢᠠᠷ ᠬᠦᠭᠵᠢᠬᠦ ᠳᠤ ᠰᠢᠨ᠎ᠡ ᠨᠡᠩ ᠶᠡᠭᠡ ᠬᠦᠴᠤᠨ ᠵᠢᠳᠬᠦᠯ ᠦᠵᠡᠬᠦᠯᠤᠨ᠎ᠡ ᠭᠡᠵᠡᠭᠡᠪᠡ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠨᠠᠮ ᠤᠨ ᠬᠢᠴᠢᠶᠡᠯᠯᠡᠭᠡ ᠬᠢᠭᠰᠡᠡ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠭᠰᠨᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠤᠭᠰᠨᠨ ᠨᠢ