ᠤᠳᠤ ᠶᠢᠨ ᠪᠠᠢ᠌ᠷᠢ᠄ ᠲᠦᠯᠤᠭᠡᠯᠡᠭᠴᠢ ᠶᠢᠨ ᠭᠡᠷ ᠪᠦᠯᠢ → ᠦᠪᠡᠷᠳᠡᠭᠡᠨ ᠵᠠᠰᠠᠬᠤ ᠤᠷᠤᠨ ᠤ ᠠᠷᠠᠳ ᠤᠨ᠁
ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠯᠤᠭᠡᠯᠡᠭᠴᠢ ᠪᠤᠤ ᠳ᠋ᠠᠮᠪᠠ ᠮᠠᠯᠴᠢᠨ ᠲᠦᠮᠨᠨ ᠤ ᠪᠠᠨ ᠬᠦᠰᠡᠯ ᠨᠠᠢ᠋ᠳᠠᠯᠭ᠎ᠠ ᠵᠢ ᠠᠪᠴᠤ ᠤᠷᠤᠨ ᠤ《ᠬᠤᠶᠠᠷ ᠬᠤᠷᠠᠯ》 ᠋ ᠳᠤ ᠶᠠᠪᠤᠬᠤ ᠪᠡᠷ ᠪᠠᠢ᠋ᠭ᠎ᠠ


     ᠲᠦᠩᠯᠢᠶᠤᠤ ᠬᠤᠳᠠ ᠶᠢᠨ ᠵᠠᠷᠤᠤᠨ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠶᠢᠨ ᠲᠤᠳᠤᠷ ᠰᠠᠯᠠᠭᠠᠨ ᠤ ᠡᠷᠬᠢᠯᠡᠭᠴᠢ ᠡᠮᠴᠢ ᠪᠤᠤ ᠳ᠋ᠠᠮᠪᠠ ᠭᠤᠴᠢᠭᠠᠳ ᠵᠢᠯ ᠡᠮᠴᠢᠯᠡᠭᠰᠨᠨ ᠬᠠᠰᠢᠷ ᠲᠤᠷᠰᠢᠯᠭ᠎ᠠ ᠲᠠᠢ ᠪᠤᠯᠪᠠᠴᠤ ᠪᠦᠬᠦ ᠤᠷᠤᠨ ᠤ《ᠬᠤᠶᠠᠷ ᠬᠤᠷᠠᠯ》᠋ ᠳᠤ ᠲᠦᠯᠤᠭᠡᠯᠡᠭᠴᠢ ᠶᠢᠨ ᠬᠤᠪᠢ ᠪᠡᠷ ᠠᠩᠬ᠎ᠠ ᠤᠳᠠᠭ᠎ᠠ ᠤᠷᠤᠯᠴᠠᠬᠤ ᠪᠤᠯᠬᠤᠷ ᠮᠠᠯᠴᠢᠨ ᠲᠦᠮᠨᠨ ᠤ ᠡᠮ ᠡᠮᠴᠢᠯᠡᠭᠡᠨ ᠳᠤ ᠬᠤᠯᠪᠤᠭᠳᠠᠭᠰᠨᠨ ᠬᠦᠰᠡᠯ ᠨᠠᠢ᠌ᠳᠠᠯᠭ᠎ᠠ ᠵᠢ ᠶᠡᠭᠡ ᠬᠤᠷᠠᠯ ᠳᠤ ᠪᠦᠷᠢᠨ ᠬᠦᠢᠴᠡᠳ ᠲᠠᠪᠰᠢᠬᠦᠯᠵᠤ᠂ ᠦᠨᠳᠤᠰᠤᠨ ᠱᠠᠳᠤᠨ ᠤ ᠡᠮ ᠡᠮᠴᠢᠯᠡᠭᠡᠨ ᠤ ᠨᠦᠬᠦᠴᠡᠯ ᠢ ᠰᠠᠢ᠌ᠵᠢᠷᠠᠭᠤᠯᠬᠤ ᠨᠢ ᠲᠠᠬᠦᠨ ᠤ ᠬᠠᠮᠤᠭ ᠠᠩᠬᠠᠷᠴᠤ ᠬᠠᠯᠠᠮᠵᠢᠯᠠᠨ᠂ ᠰᠠᠨᠠᠭᠠᠰᠢᠷᠠᠵᠤ ᠪᠠᠢ᠌ᠬᠤ ᠠᠰᠠᠭᠤᠳᠠᠯ ᠪᠤᠯᠵᠤ᠂ ᠮᠦᠨ ᠡᠨᠡᠬᠦ ᠠᠰᠠᠭᠤᠳᠠᠯ ᠤᠨ ᠶᠢᠠᠨ ᠲᠤᠭᠤᠷᠢᠨ ᠳᠤ ᠰᠠᠨᠠᠯ ᠵᠦᠪᠯᠡᠯᠭᠡ ᠪᠡᠯᠡᠳᠭᠡᠭᠰᠨᠨ ᠪᠠᠢ᠌ᠨ᠎ᠡ᠃
         ᠭᠤᠴᠢᠭᠠᠳ ᠵᠢᠯ ᠤᠨ ᠡᠮᠴᠢᠯᠡᠭᠡᠨ ᠲᠤᠮᠳᠠ ᠪᠠᠨ ᠪᠤᠤ ᠳ᠋ᠠᠮᠪᠠ ᠡᠪᠡᠳᠴᠢᠳᠠᠨ ᠡᠴᠨ ᠡᠪᠡᠳᠴᠢᠨ ᠤ ᠪᠠᠢ᠌ᠳᠠᠯ ᠢ ᠨᠢ ᠨᠠᠷᠢᠯᠢᠭ ᠠᠰᠠᠭᠤᠬᠤ ᠡᠴᠨ ᠭᠠᠳᠠᠨ᠎ᠡ ᠦᠨᠳᠤᠰᠤᠨ ᠱᠠᠳᠤᠨ ᠤ ᠡᠮᠴᠢᠯᠡᠭᠡᠨ ᠤ ᠨᠦᠬᠦᠴᠡᠯ᠂ ᠡᠮᠴᠢ ᠶᠢᠨ ᠪᠠᠢ᠌ᠳᠠᠯ ᠢ ᠰᠤᠯᠨ ᠵᠤᠭᠤᠭᠳᠠᠬᠤ ᠵᠠᠩᠰᠢᠯ ᠲᠠᠢ ᠪᠤᠯᠵᠠᠢ᠃ ᠭᠡᠳᠤᠢ᠌ᠪᠡᠷ ᠠᠩᠬ᠎ᠠ ᠡᠬᠢᠯᠡᠬᠦ ᠳᠡᠭᠡᠨ ᠡᠪᠡᠳᠴᠢᠳᠠᠨ ᠤ ᠰᠡᠳᠬᠢᠯᠭᠡ ᠶᠢᠨ ᠲᠠᠷᠤᠭᠠᠰᠤ ᠵᠢ ᠨᠠᠮᠳᠠᠭᠠᠬᠤ ᠵᠤᠷᠢᠯᠭ᠎ᠠ ᠡᠴᠨ ᠵᠤᠭᠤᠭᠳᠠᠵᠤ ᠪᠠᠢ᠌ᠭᠰᠨᠨ ᠴᠤ ᠡᠳᠤᠷ ᠤᠳᠠᠭᠠᠨ ᠳᠠᠭᠠᠨ ᠲᠠᠷᠨ ᠡᠳᠡᠭᠡᠷ ᠵᠤᠭᠤᠭ ᠤᠨ ᠲᠤᠮᠳᠠ ᠡᠴᠨ ᠦᠨᠳᠤᠰᠤᠨ ᠱᠠᠳᠤᠨ ᠤ ᠡᠮ ᠡᠮᠴᠢᠯᠡᠭᠡᠨ ᠤ ᠨᠦᠬᠦᠴᠡᠯ ᠢ ᠬᠦᠢᠴᠡᠳ ᠤᠢ᠌ᠯᠠᠭᠠᠵᠤ᠂ ᠡᠨ᠋ᠨ ᠤᠳᠠᠭ᠎ᠠ ᠲᠠᠪᠰᠢᠬᠦᠯᠬᠦ ᠪᠡᠷ ᠪᠠᠢ᠌ᠬᠤ ᠰᠠᠨᠠᠯ ᠵᠦᠪᠯᠡᠯᠭᠡ ᠳᠡᠭᠡᠨ ᠡᠳᠡᠭᠡᠷ ᠠᠭᠤᠯᠭ᠎ᠠ ᠡᠴᠨ ᠤᠷᠤᠭᠤᠯᠤᠭᠰᠨᠨ ᠪᠠᠢ᠌ᠨ᠎ᠡ᠃
           ᠵᠢᠯ ᠳᠡᠭᠡᠨ ᠡᠪᠡᠳᠴᠢᠳᠠᠨ ᠲᠠᠰᠤᠷᠠᠬᠤ ᠦᠭᠡᠢ ᠪᠤᠯᠬᠤᠷ ᠪᠤᠤ ᠳ᠋ᠠᠮᠪᠠ  ᠳᠤ ᠬᠦᠳᠡᠭᠡ ᠪᠠᠭᠤᠵᠤ ᠦᠨᠳᠤᠰᠤᠨ ᠱᠠᠳᠤᠨ ᠤ ᠡᠮ ᠡᠮᠴᠢᠯᠡᠭᠡᠨ ᠤ ᠪᠠᠢ᠌ᠳᠠᠯ ᠢ ᠤᠢ᠌ᠯᠠᠭᠠᠬᠤ ᠵᠠᠪ ᠴᠢᠯᠤᠭᠡ ᠦᠭᠡᠢ ᠪᠠᠢ᠌ᠵᠤ᠂ ᠤᠯᠠᠩᠬᠢ ᠳᠠᠭᠠᠨ ᠪᠤᠰᠤᠤᠨ ᠲᠠᠢ ᠵᠤᠭᠤᠭᠳᠠᠬᠤ ᠳᠠᠭᠠᠨ ᠲᠠᠷᠨ ᠡᠨ᠋ᠨ ᠲᠤᠬᠠᠢ ᠨᠠᠷᠢᠯᠢᠭ ᠠᠰᠠᠭᠤᠨ ᠤᠢ᠌ᠯᠠᠭᠠᠳᠠᠭ ᠪᠠᠢ᠌ᠨ᠎ᠡ᠃ ᠲᠠᠬᠦᠨ ᠤ ᠶᠠᠷᠢᠬᠤ ᠪᠡᠷ᠂ ᠤᠳᠤ ᠮᠤᠩᠭᠤᠯ ᠡᠮ ᠡᠮᠨᠡᠯᠭᠡ ᠶᠢᠨ ᠬᠦᠭᠵᠢᠯᠳᠠ ᠨᠡᠯᠢᠶᠡᠳ ᠲᠦᠷᠭᠡᠨ ᠪᠤᠯᠪᠠᠴᠤ ᠮᠠᠯᠴᠢᠨ ᠲᠠᠷᠢᠶᠠᠴᠢᠳ ᠤᠨ ᠬᠦᠰᠡᠯ ᠱᠠᠭᠠᠷᠳᠠᠯᠭ᠎ᠠ ᠵᠢ ᠪᠦᠷᠢᠨ ᠬᠦᠢᠴᠡᠳ ᠬᠠᠩᠭᠠᠬᠤ ᠲᠠᠯ᠎ᠠ ᠪᠡᠷ ᠪᠠᠰᠨ ᠲᠤᠳᠠᠭᠳᠠᠯ ᠲᠠᠢ ᠪᠠᠢ᠌ᠵᠤ᠂ ᠡᠳᠡᠭᠡᠷ ᠲᠤᠳᠠᠭᠳᠠᠯ ᠢ ᠨᠦᠬᠦᠪᠤᠷᠢᠯᠡᠬᠦ ᠶᠢᠨ ᠲᠦᠯᠤᠭᠡ ᠴᠢᠷᠮᠠᠢ᠌ᠬᠤ ᠨᠢ ᠲᠠᠬᠦᠨ ᠤ ᠠᠷᠠᠳ ᠤᠨ ᠲᠦᠯᠤᠭᠡᠯᠡᠭᠴᠢ ᠪᠤᠯᠤᠭᠰᠨᠨ ᠭᠤᠤᠯ ᠡᠬᠦᠷᠭᠡ ᠬᠠᠷᠢᠭᠤᠴᠠᠯᠭ᠎ᠠ ᠪᠤᠯᠤᠨ᠎ᠡ᠃ ᠮᠠᠨ ᠤ ᠡᠮ ᠡᠮᠨᠡᠯᠭᠡ ᠶᠢᠨ ᠬᠦᠷᠢᠶ᠎ᠠ ᠭᠡᠪᠴᠢᠶᠠᠨ ᠤ ᠲᠤᠳᠤᠷ᠎ᠠ ᠤᠷᠤᠰᠢᠵᠤ ᠪᠠᠢ᠌ᠭ᠎ᠠ ᠤᠯᠨᠨ ᠲᠦᠮᠨᠨ ᠤ ᠱᠠᠭᠠᠷᠳᠠᠵᠤ ᠪᠠᠢ᠌ᠭ᠎ᠠ ᠲᠤᠪᠤᠢ᠌ᠮ᠎ᠠ ᠠᠰᠠᠭᠤᠳᠠᠯ ᠢ ᠶᠡᠭᠡ ᠬᠤᠷᠠᠯ ᠳᠤ ᠲᠠᠪᠰᠢᠬᠦᠯᠤᠶ᠎ᠠ ᠭᠡᠵᠤ ᠪᠤᠳᠤᠵᠤ ᠪᠠᠢ᠌ᠨ᠎ᠡ᠃ ᠭᠡᠷᠪᠡ ᠮᠢᠨᠤ ᠡᠨ᠋ᠨ ᠰᠠᠨᠠᠯ ᠬᠤᠷᠠᠯ ᠶᠢᠠᠷ ᠲᠠᠮᠵᠢᠭᠠᠳ ᠬᠤᠵᠢᠮ ᠤᠨ ᠡᠮ ᠡᠮᠨᠡᠯᠭᠡ ᠶᠢᠨ ᠤᠢ᠌ᠯᠡᠰ ᠲᠤ ᠨᠢᠭᠡᠨ ᠬᠦᠴᠤᠨ ᠪᠤᠯᠵᠤ ᠲᠠᠢ᠌ᠯᠪᠡᠯ ᠪᠢ ᠨᠢᠭᠡᠨ ᠠᠷᠠᠳ ᠤᠨ ᠲᠦᠯᠤᠭᠡᠯᠡᠭᠴᠢ ᠪᠤᠯᠤᠭᠰᠨᠨ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ ᠪᠠᠢ᠌ᠨ᠎ᠡ ᠭᠡᠵᠤ ᠪᠤᠳᠤᠵᠤ ᠪᠠᠢ᠌ᠨ᠎ᠡ ᠭᠡᠵᠡᠢ᠃


ᠡᠮᠦᠨᠡᠬᠢ᠄ ᠪᠠᠢ᠌ᠬᠤ ᠦᠭᠡᠢ᠃
ᠳᠠᠷᠠᠭᠠᠬᠢ᠄ ᠡᠤ ᠶᠦᠨ ᠪᠦᠸᠸ ᠮᠠᠯᠴᠢᠨ ᠲᠠᠷᠢᠶᠠᠴᠢᠳ ᠤᠨ ᠰᠡᠳᠬᠢᠯ ᠤᠨ ᠲᠠᠭᠤᠨ ᠢ ᠠᠪᠴᠤ ᠪᠦᠬᠦ ᠤᠯᠤᠰ ᠤᠨ《ᠬᠤᠶᠠᠷ ᠬᠤᠷᠠᠯ》᠋ ᠳᠤ ᠤᠴᠢᠬᠤ ᠪᠡᠷ ᠪᠠ᠋ᠢᠭ᠎ᠠ