ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠭᠰᠨᠨ ᠠᠰᠠᠭᠤᠳᠠᠯ ᠶᠢᠠᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ
10 ᠰᠠᠷ᠎ᠠ ᠶᠢᠨ 30᠋ ᠤ ᠡᠳᠤᠷ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠭᠰᠨᠨ ᠠᠰᠠᠭᠤᠳᠠᠯ ᠶᠢᠠᠨ ᠴᠡᠭᠴᠡᠯᠡᠨ ᠵᠠᠰᠠᠬᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ ᠬᠤᠷᠠᠯ ᠡᠷᠬᠢᠯᠡᠵᠤ᠂ ᠬᠤᠳᠠ ᠶᠢᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠮᠤ ᠶᠦᠩ ᠴᠦᠨ᠂ ᠭᠡᠰᠢᠬᠦᠨ ᠯᠢᠤ ᠶᠠᠩ ᠬᠤᠷᠠᠯ ᠳᠤ ᠤᠷᠤᠯᠴᠠᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠤᠬᠦᠨ ᠭᠡᠰᠢᠬᠦᠨ ᠪᠦ᠋ ᠮᠤᠤ ᠰᠢᠶᠠᠩ ᠬᠤᠷᠠᠯ ᠳᠤ ᠰᠤᠯᠨ ᠤᠷᠤᠯᠴᠠᠪᠠ᠃



ᠬᠤᠷᠠᠯ ᠡᠴᠨ ᠵᠢᠭᠠᠵᠤ ᠭᠠᠷᠭᠠᠭᠰᠨᠨ ᠨᠢ᠂ ᠴᠠᠭ ᠢᠮᠠᠭᠳᠠ ᠨᠠᠮ ᠤᠨ ᠲᠦᠪ ᠬᠤᠷᠢᠶ᠎ᠠ ᠪᠠ ᠡᠯ᠎ᠠ ᠱᠠᠳᠤᠨ ᠤᠨ ᠨᠠᠮ ᠤᠨ ᠬᠤᠷᠢᠶ᠎ᠠ ᠶᠢᠨ ᠲᠤᠬᠢᠷᠠᠭᠤᠯᠤᠯᠳᠠ ᠪᠠᠢᠷᠢᠯᠠᠭᠤᠯᠤᠯᠳᠠ ᠶᠤᠰᠤᠭᠠᠷ᠂ ᠠᠰᠠᠭᠤᠳᠠᠯ ᠤᠨ ᠤᠳᠤᠷᠢᠳᠤᠮᠵᠢ ᠶᠢ ᠢᠮᠠᠭᠳᠠ ᠪᠠᠷᠢᠮᠳᠠᠯᠠᠵᠤ᠂ ᠰᠢᠨ᠎ᠠ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠠᠵᠢᠯ ᠪᠠ ᠪᠦᠳᠤᠭᠡᠨ ᠪᠠᠢᠭᠤᠯᠤᠯᠳᠠ ᠶᠢᠨ ᠪᠠᠭᠤᠷᠠᠢ ᠲᠠᠯ᠎ᠠ ᠳᠤ ᠲᠦᠪᠯᠡᠷᠡᠨ᠂ ᠠᠰᠠᠭᠤᠳᠠᠯ ᠤᠨ ᠵᠠᠩᠬᠢᠯᠠᠭ᠎ᠠ ᠪᠠ ᠬᠦᠨ ᠲᠠᠪᠬᠤᠷᠭ᠎ᠠ ᠶᠢᠨ ᠰᠢᠯᠳᠠᠭᠠᠨ ᠢ ᠦᠨᠡᠨᠬᠦ ᠡᠷᠢᠨ ᠭᠠᠷᠭᠠᠵᠤ᠂ ᠴᠢᠷᠮᠠᠢᠬᠤ ᠴᠢᠭᠯᠡᠯ ᠪᠠ ᠴᠡᠭᠴᠡᠯᠡᠨ ᠦᠭᠡᠷᠡᠴᠢᠯᠡᠬᠦ ᠠᠷᠭ᠎ᠠ ᠠᠪᠴᠠᠯ ᠶᠢᠠᠨ ᠲᠤᠳᠤᠳᠬᠠᠨ᠂ ᠴᠡᠭᠴᠡᠯᠡᠨ ᠦᠭᠡᠷᠡᠴᠢᠯᠡᠬᠦ ᠳᠤ ᠨᠠᠷᠢᠨ ᠤᠨᠤᠪᠴᠢᠳᠠᠢ ᠵᠦᠭ ᠴᠢᠭᠯᠡᠯ ᠬᠠᠩᠭᠠᠬᠤ ᠭᠡᠷᠡᠭᠳᠡᠢ᠃ ᠠᠰᠠᠭᠤᠳᠠᠯ ᠤᠨ ᠨᠠᠷᠢᠨ ᠲᠠᠩᠰᠨ ᠭᠠᠷᠭᠠᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠪᠠᠢᠴᠠᠭᠠᠭᠰᠨᠨ ᠠᠰᠠᠭᠤᠳᠠᠯ ᠤᠨ ᠠᠮᠵᠢᠯᠳᠠ ᠲᠠᠢ ᠰᠢᠢᠳᠪᠤᠷᠢᠯᠡᠭᠳᠡᠬᠦ ᠶᠢ ᠪᠠᠳᠤᠯᠠᠬᠤ ᠭᠡᠷᠡᠭᠳᠡᠢ᠃ ᠲᠠᠭᠡᠷ᠎ᠠ ᠡᠴᠨ ᠲᠤᠷᠤᠭᠰᠢ ᠬᠦᠷᠳᠡᠯ᠎ᠠ ᠪᠠᠷᠢᠮᠳᠠᠯᠠᠵᠤ᠂ ᠬᠤᠪᠢᠰᠬᠠᠯ ᠤᠨ ᠵᠤᠷᠢᠭ ᠰᠠᠨᠠᠭ᠎ᠠ ᠪᠠᠨ ᠪᠠᠳᠠᠷᠠᠭᠤᠯᠤᠨ᠂ ᠲᠠᠭᠠᠭᠤᠯᠤᠭᠴᠢ ᠲᠠᠭᠤᠷᠢᠶᠠᠯ ᠤᠢᠯᠡᠳᠤᠯ ᠦᠵᠡᠬᠦᠯᠬᠦ ᠭᠡᠷᠡᠭᠳᠡᠢ᠃ᠨᠢᠭᠡᠳᠤᠯᠳᠠᠢ ᠲᠦᠯᠤᠪᠯᠡᠵᠤ ᠨᠠᠢᠳᠠ ᠳᠤ ᠬᠠᠷᠠᠭᠠᠯᠵᠠᠬᠤ ᠶᠢ ᠬᠦᠨᠳᠤᠳᠭᠡᠵᠤ᠂ ᠭᠤᠤᠯ ᠰᠡᠳᠤᠪᠳᠤ ᠬᠦᠮᠤᠵᠢᠯ ᠪᠤᠯᠤᠨ ᠨᠢᠳᠤᠨ ᠡᠮᠤᠨᠡᠬᠢ ᠠᠵᠢᠯ ᠲᠠᠢ ᠤᠶᠠᠯᠳᠤᠭᠤᠯᠤᠨ᠂ ᠭᠤᠤᠯ ᠰᠡᠳᠤᠪᠳᠤ ᠬᠦᠮᠤᠵᠢᠯ ᠤᠨ ᠪᠤᠳᠠᠳᠠᠢ ᠠᠮᠵᠢᠯᠳᠠ ᠤᠯᠬᠤ ᠶᠢ ᠪᠠᠳᠤᠯᠠᠬᠤ ᠭᠡᠷᠡᠭᠳᠡᠢ ᠭᠡᠵᠡᠢ᠃