ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠨᠠᠮ ᠤᠨ ᠬᠢᠴᠢᠶᠡᠯᠯᠡᠭᠡ ᠬᠢᠬᠦ ᠬᠦᠳᠡᠯᠭᠡᠭᠡᠨ ᠦᠷᠨᠢᠬᠦᠯᠦᠭᠰᠨᠨ ᠨᠢ


10 ᠰᠠᠷ᠎ᠠ ᠶᠢᠨ3᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠡᠴᠨ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠳ ᠲᠤ(《ᠬᠤᠶᠠᠷ ᠪᠠᠢᠭᠤᠯᠭ᠎ᠠ》᠋ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠵᠤ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠠᠵᠢᠯᠯᠠᠭ᠎ᠠ ᠶᠢ ᠢᠯᠡᠷᠡᠬᠦᠯᠬᠦ)᠋ ᠪᠡᠷ ᠭᠤᠤᠯ ᠰᠡᠳᠤᠪ ᠪᠤᠯᠭᠠᠭᠰᠨᠨ ᠨᠠᠮ ᠤᠨ ᠬᠢᠴᠢᠶᠡᠯᠯᠡᠭᠡ ᠬᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠢ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠭᠰᠡᠡ ᠪᠠᠢᠨ᠎ᠡ᠃


 ᠲᠤᠰᠬᠠᠢ ᠰᠡᠳᠤᠪᠳᠤ ᠨᠠᠮ ᠤᠨ ᠬᠢᠴᠢᠶᠠᠯ ᠲᠠᠭᠡᠷ᠎ᠠ᠂ ᠯᠢ ᠴᠸᠩ ᠬᠦᠸᠸ ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠭᠰᠨᠨ ᠦᠷ᠎ᠠ ᠪᠦᠳᠤᠭᠡᠯ ᠲᠠᠢ ᠤᠶᠠᠯᠳᠤᠭᠤᠯᠤᠨ᠂《ᠬᠤᠶᠠᠷ ᠪᠠᠢᠭᠤᠯᠭ᠎ᠠ》᠋ ᠶᠢᠨ ᠪᠦᠳᠤᠭᠡᠨ ᠪᠠᠢᠭᠤᠯᠤᠯᠳᠠ ᠶᠢᠨ ᠲᠤᠭᠤᠷᠢᠨ ᠳᠤ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠤᠨ ᠴᠢᠬᠤᠯᠨ ᠠᠴᠢ ᠬᠤᠯᠪᠤᠭᠳᠠᠯ ᠢ ᠴᠢᠩᠭᠠᠳᠬᠠᠬᠤ ᠪᠠ ᠲᠠᠬᠦᠯᠳᠡᠷᠵᠢᠬᠦᠯᠬᠦ ᠪᠤᠯᠤᠨ《ᠬᠤᠶᠠᠷ ᠪᠠᠢᠭᠤᠯᠭ᠎ᠠ》᠋ ᠶᠢ ᠭᠡᠷᠬᠢᠨ ᠰᠠᠢᠳᠤᠷ ᠪᠠᠢᠭᠤᠯᠬᠤ ᠵᠡᠷᠭᠡ ᠲᠠᠯ᠎ᠠ ᠪᠡᠷ ᠨᠠᠷᠢᠨ ᠲᠠᠢᠯᠪᠤᠷᠢᠯᠠᠯᠳᠠ ᠬᠢᠪᠡ᠃《ᠬᠤᠶᠠᠷ ᠪᠠᠢᠭᠤᠯᠭ᠎ᠠ》᠋ ᠶᠢᠨ ᠪᠦᠳᠤᠭᠡᠨ ᠪᠠᠢᠭᠤᠯᠤᠯᠳᠠ ᠨᠢ ᠵᠦᠪᠭᠡᠨ ᠨᠠᠮ ᠡᠴᠨ ᠠᠯᠢᠪᠠ ᠠᠵᠢᠯ ᠤᠨ ᠤᠳᠤᠷᠢᠳᠤᠯᠭ᠎ᠠ ᠶᠢᠨ ᠵᠠᠢᠯᠠᠰᠢ ᠦᠭᠡᠢ ᠱᠠᠭᠠᠷᠳᠠᠯᠭ᠎ᠠ ᠲᠠᠳᠤᠢ ᠪᠢᠰᠢ᠂ᠬᠠᠷᠢᠨ ᠠᠷᠠᠳ ᠲᠦᠮᠨᠨ ᠡᠷᠭᠡ ᠮᠡᠳᠡᠵᠤ ᠡᠵᠡᠡ ᠰᠠᠭᠤᠭᠰᠨᠨ ᠴᠢᠬᠤᠯᠨ ᠠᠷᠭ᠎ᠠ ᠵᠠᠮ ᠮᠦᠨ᠂ ᠮᠦᠨᠴᠤ ᠤᠯᠤᠰ ᠲᠦᠷᠤ ᠶᠢᠨ ᠲᠦᠷᠢᠮ ᠤᠨ ᠦᠨᠳᠤᠰᠤᠨ ᠠᠮᠢᠳᠤ ᠤᠢᠯᠡᠳᠤᠯᠭᠡ ᠶᠢᠨ ᠢᠯᠡᠷᠡᠯ᠂ ᠨᠡᠩ ᠴᠤ ᠤᠷᠤᠨ ᠨᠤᠳᠤᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠦᠪᠡᠷ ᠤᠨ ᠪᠠᠶ᠎ᠠ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠤ ᠬᠦᠴᠤᠳᠠᠢ ᠭᠠᠷᠳᠠᠯ ᠪᠤᠯᠤᠨ᠎᠎ᠡ᠃ ᠬᠠᠮᠤᠭ ᠡᠴᠤᠰ ᠲᠤ᠂ ᠯᠢ ᠴᠸᠩ ᠬᠦᠸᠸ ᠡᠴᠨ ᠨᠠᠮ ᠤᠨ ᠭᠡᠰᠢᠬᠦᠨ ᠺᠠᠳ᠋ᠷ ᠪᠦᠷᠢ《ᠬᠤᠶᠠᠷ ᠪᠠᠢᠭᠤᠯᠭ᠎ᠠ》᠋ ᠶᠢᠨ ᠪᠦᠳᠤᠭᠡᠨ ᠪᠠᠢᠭᠤᠯᠤᠯᠳᠠ ᠲᠤᠮᠳᠠ᠂ ᠪᠤᠳᠠᠳᠠᠢ ᠭᠡᠷᠬᠢᠨ ᠬᠢᠬᠦ《ᠵᠢᠷᠭᠤᠭ᠎ᠠ ᠪᠠᠢᠬᠤ》ᠱᠠᠭᠠᠷᠳᠠᠯᠭ᠎ᠠ ᠶᠢ ᠲᠤᠷᠠᠳᠴᠤ᠂ ᠦᠪᠡᠷ ᠤᠨ ᠪᠠᠶ᠎ᠠ ᠶᠢᠨ ᠪᠦᠳᠤᠭᠡᠨ ᠪᠠᠢᠭᠤᠯᠤᠯᠳᠠ ᠪᠠᠨ ᠴᠢᠩᠭᠠᠳᠬᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠠᠭ ᠦᠶ᠎ᠠ ᠲᠠᠢ ᠵᠡᠷᠭᠡᠪᠡᠷ ᠤᠷᠤᠭᠰᠢᠯᠠᠵᠤ᠂ ᠬᠦᠭᠵᠢᠯᠳᠠ ᠶᠢᠨ ᠰᠢᠨ᠎ᠡ ᠶᠢ ᠡᠬᠦᠳᠬᠦ ᠶᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠭᠰᠨᠨ ᠠᠰᠠᠭᠤᠳᠠᠯ ᠢ ᠴᠡᠭᠴᠡᠯᠡᠨ ᠦᠭᠡᠷᠡᠴᠢᠯᠡᠬᠦ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠪᠦᠬᠦ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠬᠤᠪᠢᠰᠬᠠᠯ ᠤᠨ ᠬᠤᠷᠢᠶᠠᠨ ᠬᠠᠳᠠᠭᠠᠯᠠᠭᠰᠨᠨ ᠲᠠᠯᠭᠡᠨ ᠦᠵᠡᠬᠦᠯᠤᠯᠭᠡ ᠶᠢ ᠲᠤᠭᠤᠷᠢᠨ ᠦᠵᠡᠭᠰᠨᠨ ᠨᠢ