ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯᠳᠤᠭᠠᠨ ᠬᠤᠷᠠᠯᠳᠤᠭᠤᠯᠤᠭᠰᠨᠨ ᠨᠢ
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠤᠤᠯ ᠰᠡᠳᠤᠪᠳᠤ ᠬᠦᠮᠤᠵᠢᠯ ᠤᠨ ᠠᠵᠢᠯ ᠤᠨ ᠲᠤᠬᠢᠷᠠᠭᠤᠯᠤᠯᠳᠠ ᠶᠤᠰᠤᠭᠠᠷ᠂10 ᠰᠠᠷ᠎ᠠ ᠶᠢᠨ 30᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ ᠡᠷᠬᠢᠯᠡᠭᠴᠢ ᠪᠠᠶᠠᠨᠰᠠᠩ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯ ᠡᠷᠬᠢᠯᠡᠨ ᠬᠤᠷᠠᠯᠳᠤᠭᠤᠯᠪᠠ᠃ᠬᠤᠳᠠ ᠶᠢᠨ ᠨᠠᠮ ᠤᠨ ᠬᠤᠷᠢᠶ᠎ᠠ ᠶᠢᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠮᠤ ᠶᠦᠩ ᠴᠦᠨ᠂ ᠭᠡᠰᠢᠬᠦᠨ ᠯᠢᠤ ᠶᠠᠩ ᠬᠤᠷᠠᠯ ᠳᠤ ᠤᠷᠤᠯᠴᠠᠨ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠬᠦᠨ ᠪᠦ᠋ ᠮᠤᠤ ᠰᠢᠶᠠᠩ ᠬᠤᠷᠠᠯ ᠳᠤ ᠰᠤᠯᠨ ᠤᠷᠤᠯᠴᠠᠭᠰᠨᠨ ᠪᠠᠢᠨ᠎ᠡ᠃



ᠬᠤᠷᠠᠯ ᠡᠴᠨ ᠡᠮᠤᠨ᠎ᠡ᠂ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠳ ᠨᠠᠮ ᠤᠨ ᠲᠦᠷᠢᠮ ᠪᠤᠯᠤᠨ《ᠰᠢᠨ᠎ᠠ ᠪᠠᠢᠳᠠᠯ ᠲᠤᠤᠷᠠᠬᠢ ᠨᠠᠮ ᠤᠨ ᠲᠤᠳᠤᠭᠠᠳᠤᠬᠢ ᠤᠯᠤᠰ ᠲᠦᠷᠤ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ》《ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠤᠨ ᠲᠦᠷᠢᠮ》᠋ ᠢ ᠬᠦᠨᠵᠡᠭᠡᠢ ᠰᠤᠷᠤᠯᠴᠠᠵᠤ᠂ ᠵᠦᠷᠢᠶ᠎ᠠ ᠪᠠᠨ ᠡᠷᠢᠬᠦ ᠪᠠᠢᠴᠠᠭᠠᠯᠳᠠ ᠶᠢᠨ ᠮᠠᠲ᠋ᠸᠷᠢᠶᠠᠯ ᠶᠢᠠᠨ ᠨᠠᠷᠢᠨ ᠬᠢᠨᠠᠮᠭᠠᠢ ᠵᠤᠬᠢᠶᠠᠨ ᠪᠢᠴᠢᠵᠤ᠂ ᠲᠤᠰᠬᠠᠢ ᠰᠡᠳᠤᠪᠳᠤ ᠬᠤᠷᠠᠯ ᠬᠤᠷᠠᠯᠳᠤᠬᠤ ᠳᠤ ᠬᠦᠢᠴᠡᠳ ᠪᠡᠯᠡᠳᠭᠡᠯ ᠬᠢᠪᠡ᠃ ᠲᠠᠷᠠᠭᠠᠴᠢ ᠪᠡᠷ ᠨᠢ᠂ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠤᠨ ᠡᠴᠨ ᠲᠠᠷᠠᠭᠠᠯᠠᠨ ᠨᠠᠮ ᠤᠨ ᠲᠦᠷᠢᠮ᠂《ᠪᠠᠷᠢᠮᠵᠢᠠ》《ᠲᠦᠷᠢᠮ》᠋ ᠤᠨ ᠬᠤᠯᠪᠤᠭᠳᠠᠯ ᠪᠦᠬᠦᠢ ᠲᠦᠷᠢᠮ ᠲᠤᠭᠳᠠᠭᠠᠯ ᠲᠠᠢ ᠬᠠᠷᠭᠤᠭᠤᠯᠤᠭᠰᠠᠨ ᠪᠠᠢᠴᠠᠭᠠᠯᠳᠠ ᠬᠢᠵᠤ᠂ ᠤᠴᠢᠷ ᠰᠢᠯᠳᠠᠭᠠᠨ ᠶᠢᠠᠨ ᠨᠠᠷᠢᠨ ᠬᠢᠨᠠᠮᠠᠭᠠᠢ ᠵᠠᠳᠠᠯᠤᠨ᠂ ᠤᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠠᠨ ᠡᠷᠡᠰ ᠵᠤᠷᠢᠭᠯᠠᠨ ᠵᠢᠳᠬᠦᠨ ᠴᠢᠷᠮᠠᠢᠬᠤ᠂ᠪᠠᠬᠢᠯᠡᠯᠳᠠ ᠰᠢᠪᠳᠤᠯᠬᠤ ᠬᠦᠳᠡᠯᠭᠡᠬᠦ ᠬᠦᠴᠤᠨ ᠪᠤᠯᠭᠠᠨ ᠦᠨᠡᠨᠬᠦ ᠬᠤᠪᠢᠷᠠᠭᠠᠭᠰᠨᠨ ᠡᠴᠨ ᠤᠷᠢᠳᠴᠢᠯᠠᠭᠰᠠᠨ ᠦᠷ᠎ᠠ ᠪᠦᠳᠤᠮᠵᠢ ᠳᠤ ᠬᠦᠷᠦᠭᠰᠨᠨ ᠪᠠᠢᠨ᠎ᠠ᠃

ᠪᠠᠶᠠᠨᠰᠠᠩ ᠴᠢᠩᠭᠠᠳᠬᠠᠭᠰᠨᠨ ᠨᠢ᠂ᠨᠠᠮ ᠤᠨ ᠲᠦᠷᠢᠮ ᠲᠤᠭᠳᠠᠭᠠᠯ ᠢ ᠨᠠᠷᠢᠨ ᠬᠢᠨᠠᠮᠠᠭᠠᠢ ᠰᠤᠷᠤᠯᠴᠠᠨ ᠵᠢᠷᠤᠮᠯᠠᠬᠤ ᠪᠤᠯ ᠡᠪ ᠬᠠᠮᠳᠤ ᠨᠠᠮ ᠤᠨ ᠭᠡᠰᠢᠬᠦᠨ ᠤ ᠡᠬᠦᠷᠢᠳᠠ ᠶᠢᠨ ᠡᠷᠭᠡᠪᠰᠢ ᠰᠤᠷᠤᠯᠴᠠᠬᠤ ᠬᠢᠴᠢᠶᠠᠯ ᠮᠦᠨ᠃ ᠨᠢᠭᠡᠳᠤᠯᠳᠠᠢ ᠲᠦᠯᠤᠪᠯᠡᠵᠤ ᠲᠤᠬᠢᠷᠠᠭᠤᠯᠤᠨ᠂ ᠭᠤᠤᠯ ᠰᠡᠳᠤᠪᠳᠤ ᠱᠤᠭᠤᠮ ᠳᠤ ᠲᠦᠪᠯᠡᠷᠡᠬᠦ ᠶᠢ ᠰᠠᠢᠳᠤᠷ ᠠᠳᠬᠤᠵᠤ᠂ ᠰᠤᠷᠤᠯᠴᠠᠯᠭ᠎ᠠ ᠶᠢᠨ ᠬᠦᠮᠤᠵᠢᠯ᠂ ᠪᠠᠢᠴᠠᠭᠠᠨ ᠰᠤᠳᠤᠯᠤᠯᠳᠠ᠂ ᠪᠠᠢᠴᠠᠭᠠᠭᠰᠨᠨ ᠠᠰᠠᠭᠤᠳᠠᠯ᠂ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠬᠤ ᠶᠢ ᠪᠦᠬᠦ ᠬᠦᠴᠤᠨ ᠶᠢᠠᠷ ᠲᠦᠯᠬᠢᠵᠤ ᠠᠬᠢᠭᠤᠯᠤᠨ᠂ ᠭᠤᠤᠯ ᠰᠡᠳᠤᠪᠳᠤ ᠬᠦᠮᠤᠵᠢᠯ ᠤᠨ ᠦᠨᠳᠤᠷ ᠴᠢᠨᠠᠷ ᠴᠢᠨᠰᠠᠭ᠎ᠠ ᠲᠠᠢ ᠲᠦᠯᠬᠢᠨ ᠠᠬᠢᠭᠤᠯᠤᠭᠳᠠᠬᠤ ᠶᠢ ᠪᠠᠳᠤᠯᠠᠬᠤ ᠭᠡᠷᠡᠭᠳᠡᠢ ᠭᠡᠵᠡᠢ᠃

ᠵᠢᠯᠤᠭᠤᠳᠬᠤ ᠲᠤᠭᠤᠢᠯᠠᠩ ᠡᠴᠨ ᠵᠢᠭᠠᠵᠤ ᠭᠠᠷᠭᠠᠭᠰᠨᠨ ᠨᠢ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯ ᠨᠢ ᠦᠨᠳᠤᠷ ᠪᠠᠷᠢᠮᠵᠢᠶ᠎ᠠ ᠦᠨᠳᠤᠷ ᠴᠢᠨᠠᠷ ᠴᠢᠨᠰᠠᠭ᠎ᠠ ᠲᠠᠢ ᠲᠤᠰᠬᠠᠢ ᠰᠡᠳᠤᠪᠳᠤ ᠠᠷᠠᠳᠴᠢᠯᠠᠯ ᠠᠮᠢᠳᠤᠷᠠᠯ ᠤᠨ ᠬᠤᠷᠠᠯ ᠢ ᠰᠠᠢᠳᠤᠷ ᠦᠷᠨᠢᠬᠦᠯᠬᠦ ᠳᠤ ᠰᠠᠭᠤᠷᠢ ᠲᠠᠯᠪᠢᠭᠰᠨᠨ ᠪᠠᠢᠨ᠎ᠡ᠃ ᠤᠯᠤᠰ ᠲᠦᠷᠤ ᠶᠢᠨ ᠵᠤᠭᠰᠤᠴᠨ ᠪᠠᠨ ᠦᠷᠬᠦᠯᠵᠢᠯᠡᠨ ᠲᠠᠭᠡᠭᠰᠢᠯᠡᠬᠦᠯᠵᠤ᠂ ᠵᠤᠬᠢᠶᠠᠨ ᠪᠠᠢᠭᠤᠯᠵᠤ ᠤᠳᠤᠷᠢᠳᠬᠤ ᠶᠢ ᠱᠠᠭᠠᠷᠳᠠᠯᠭ᠎ᠠ ᠳᠤ ᠬᠦᠷᠭᠡᠬᠦ ᠶᠢ ᠪᠠᠳᠤᠯᠠᠨ᠂ ᠡᠬᠢᠯᠡᠩᠬᠦᠳᠠ ᠪᠠᠨ ᠠᠰᠠᠭᠤᠳᠠᠯ ᠶᠢᠠᠨ ᠡᠷᠢᠨ᠂ ᠬᠦᠮᠤᠵᠢᠯ ᠬᠢᠵᠤ᠂ ᠪᠠᠢᠴᠠᠭᠠᠬᠤ ᠶᠢᠨ ᠲᠠᠭᠠᠤ ᠴᠡᠭᠴᠡᠯᠡᠨ ᠦᠭᠡᠷᠡᠴᠢᠯᠡᠵᠤ᠂ ᠴᠡᠭᠴᠡᠯᠡᠨ ᠦᠭᠡᠷᠡᠴᠢᠯᠡᠬᠦ ᠶᠢᠨ ᠲᠠᠭᠠᠤ ᠪᠤᠳᠠᠳᠠᠢ ᠳᠤ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃