ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠨᠠᠮ ᠤᠨ ᠲᠦᠷᠢᠮ ᠲᠤᠭᠳᠠᠭᠠᠯ  ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯ ᠬᠤᠷᠠᠯᠳᠤᠭᠤᠯᠤᠭᠰᠨᠨ ᠨᠢ


10 ᠰᠠᠷ᠎ᠠ ᠶᠢᠨ31᠋ ᠤ ᠡᠳᠤᠷ ᠤᠨ ᠦᠳᠡ ᠶᠢᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠨᠠᠮ ᠤᠨ ᠲᠦᠷᠢᠮ ᠲᠤᠭᠳᠠᠭᠠᠯ  ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯ ᠬᠤᠷᠠᠯᠳᠤᠭᠤᠯᠪᠠ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠬᠢᠪᠡ᠃ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠬᠤᠷᠠᠯ ᠳᠤ ᠤᠷᠤᠯᠴᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠸᠸ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠪᠡ᠃


ᠬᠤᠷᠠᠯ ᠡᠴᠨ ᠡᠮᠤᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠤᠤᠯ ᠰᠡᠳᠤᠪᠳᠤ ᠬᠦᠮᠤᠵᠢᠯ ᠤᠨ ᠤᠳᠤᠷᠢᠳᠬᠤ ᠪᠠᠭ᠎ᠠ ᠲᠤᠭᠤᠢᠯᠠᠩ ᠤᠨ ᠠᠯᠪᠠᠨ ᠭᠡᠷ ᠡᠴᠨ《ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ》᠋᠋ ᠵᠢ ᠦᠷᠨᠢᠬᠦᠯᠵᠤ᠂ ᠪᠤᠳᠠᠳᠠᠢ ᠲᠤᠬᠢᠷᠠᠭᠤᠯᠤᠨ ᠲᠤᠳᠤᠷᠬᠠᠢ ᠱᠠᠭᠠᠷᠳᠠᠯᠭ᠎ᠠ ᠲᠤᠷᠠᠳᠪᠠ᠃ ᠤᠳᠤᠷᠢᠳᠬᠤ ᠪᠠᠭ ᠤᠨ ᠭᠡᠰᠢᠬᠦᠤᠨ《ᠨᠠᠮ ᠤᠨ ᠲᠦᠷᠢᠮ》ᠪᠤᠯᠤᠨ《ᠰᠢᠨ᠎ᠠ ᠪᠠᠢᠳᠠᠯ ᠲᠤᠤᠷᠠᠬᠢ ᠨᠠᠮ ᠤᠨ ᠲᠤᠳᠤᠭᠠᠳᠤᠬᠢ ᠤᠯᠤᠰ ᠲᠦᠷᠤ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ》《ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠤᠨ ᠲᠦᠷᠢᠮ》᠋ ᠢ ᠨᠠᠷᠢᠨ ᠬᠢᠨᠠᠮᠠᠭᠠᠢ ᠰᠤᠷᠤᠯᠴᠠᠵᠤ᠂ ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠪᠤᠯᠤᠨ ᠦᠪᠡᠷ ᠤᠨ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ᠦᠪᠡᠷ ᠤᠨ ᠪᠠᠶ᠎ᠠ᠂ ᠲᠤᠰᠢᠶᠠᠯ ᠬᠠᠷᠢᠭᠤᠴᠠᠯᠭ᠎ᠠ᠂ ᠠᠵᠢᠯ ᠶᠢᠠᠨ ᠲᠤᠭᠠᠴᠢᠵᠤ᠂ ᠶᠠᠷᠢᠶ᠎ᠠ ᠢᠯᠡᠳᠭᠡᠯ ᠶᠢᠠᠨ ᠨᠠᠷᠢᠨ ᠬᠢᠨᠠᠮᠠᠭᠠᠢ ᠵᠤᠬᠢᠶᠠᠵᠤ ᠪᠠᠴᠢᠨ᠂ ᠬᠦᠨᠵᠡᠭᠡᠢ ᠬᠠᠷᠭᠤᠭᠤᠯᠤᠨ ᠪᠠᠢᠴᠠᠭᠠᠪᠠ᠃

ᠸᠠᠨ ᠢᠤᠢ ᠬᠦᠢ ᠵᠢᠭᠠᠵᠤ ᠭᠠᠷᠭᠠᠭᠰᠨᠨ ᠨᠢ᠂ ᠭᠤᠤᠯ ᠰᠡᠳᠤᠪᠳᠤ ᠬᠦᠮᠤᠵᠢᠯ ᠤᠨ ᠨᠢᠭᠡᠳᠤᠯᠳᠠᠢ ᠪᠠᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠭᠰᠠᠨ ᠲᠤᠭᠳᠠᠭᠠᠯ ᠢ ᠰᠠᠢᠳᠤᠷ ᠲᠦᠷᠢᠮᠵᠢᠬᠦᠯᠵᠤ᠂ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠤᠨ ᠤᠯᠤᠭᠰᠨᠨ ᠵᠦᠷᠢᠶ᠎᠎ᠠ᠂ ᠨᠦᠬᠦᠤᠨ ᠤᠨ ᠬᠤᠭᠤᠷᠤᠨᠳᠤ ᠪᠠᠨ ᠬᠠᠷᠢᠯᠴᠠᠨ ᠲᠤᠷᠠᠳᠤᠭᠰᠨᠨ ᠠᠰᠠᠭᠤᠳᠠᠯ ᠪᠤᠯᠤᠨ ᠭᠤᠤᠯ ᠰᠡᠳᠤᠪᠳᠤ ᠬᠦᠮᠤᠵᠢᠯ ᠤᠨ ᠶᠠᠪᠤᠴᠨ ᠲᠤᠮᠳᠠ ᠡᠯ᠎ᠠ ᠵᠦᠢᠯ ᠤᠨ ᠭᠡᠯᠪᠡᠷᠢ ᠪᠡᠷ ᠲᠠᠮᠵᠢᠨ ᠬᠤᠷᠢᠶᠠᠨ ᠤᠯᠤᠭᠰᠠᠠ ᠰᠠᠨᠠᠯ ᠰᠠᠨᠠᠭᠤᠯᠭ᠎ᠠ ᠲᠠᠢ ᠨᠡᠢᠯᠡᠬᠦᠯᠤᠨ᠂ᠪᠦᠬᠦ ᠲᠠᠯ᠎ᠠ ᠪᠡᠷ ᠵᠠᠳᠠᠯᠤᠯᠳᠠ ᠬᠢᠵᠤ᠂ ᠰᠢᠰᠲ᠋ᠸᠮ ᠲᠠᠢ ᠡᠮᠬᠢᠳᠭᠡᠨ᠂ ᠰᠢᠨᠵᠢᠯᠡᠬᠦ ᠤᠬᠠᠭᠠᠨᠴᠢ ᠪᠡᠷ ᠬᠤᠷᠢᠶᠠᠩᠭᠤᠢᠯᠠᠵᠤ᠂ ᠠᠰᠠᠭᠤᠳᠠᠯ ᠤᠨ ᠨᠠᠷᠢᠨ ᠲᠠᠩᠰᠨ ᠶᠢ ᠨᠠᠷᠢᠨ ᠬᠢᠨᠠᠮᠠᠭᠠᠢ ᠵᠤᠬᠢᠶᠠᠨ᠂ᠪᠠᠢᠴᠠᠭᠠᠬᠤ ᠶᠢᠨ ᠲᠠᠭᠠᠤ ᠦᠭᠡᠷᠡᠴᠢᠯᠡᠬᠦ ᠶᠢ ᠦᠨᠡᠨᠬᠦ ᠪᠠᠶᠡᠯᠡᠬᠦᠯᠵᠤ᠂ ᠴᠡᠭᠴᠡᠯᠡᠨ ᠦᠭᠡᠷᠡᠴᠢᠯᠡᠭᠰᠡᠡ ᠦᠷ᠎ᠠ ᠪᠦᠳᠤᠮᠵᠢ ᠶᠢᠠᠨ ᠪᠤᠳᠠᠳᠠᠢ ᠠᠵᠢᠯ ᠲᠤᠮᠳᠠ ᠲᠦᠷᠭᠡᠨ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃

ᠯᠢ ᠴᠸᠩ ᠬᠦᠸᠸ ᠬᠤᠷᠠᠯ ᠳᠦ᠍ᠩᠨᠡᠬᠦ ᠳᠡᠭᠡᠨ ᠵᠢᠭᠠᠵᠤ ᠭᠠᠷᠭᠠᠭᠰᠨᠨ ᠨᠢ᠂ ᠤᠬᠠᠮᠰᠠᠷ ᠡᠴᠨ ᠪᠠᠨ ᠦᠵᠡᠯ ᠰᠠᠨᠠᠭ᠎ᠠ ᠪᠤᠯᠤᠨ ᠤᠢᠯᠨ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠪᠠ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ ᠲᠠᠢ ᠨᠢᠭᠡᠳᠤᠯᠳᠠᠢ ᠪᠠᠢᠯᠭᠠᠵᠤ᠂ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠤᠭᠰᠨᠨ ᠵᠦᠷᠢᠶ᠎ᠠ ᠪᠠᠨ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ᠂ ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠵᠢᠭᠠᠪᠤᠷᠢ ᠶᠢᠨ ᠵᠤᠷᠢᠭ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠶᠢᠨ ᠪᠠᠢᠷᠢᠯᠠᠭᠤᠯᠤᠯᠳᠠ ᠶᠢᠨ ᠪᠠᠢᠴᠠᠭᠠᠭᠰᠨᠨ ᠠᠰᠠᠭᠤᠳᠠᠯ ᠲᠠᠢ ᠤᠶᠠᠯᠳᠤᠭᠤᠯᠤᠨ ᠰᠤᠷᠤᠯᠴᠠᠬᠤ ᠶᠢᠨ ᠬᠠᠮᠳᠤ ᠬᠠᠷᠭᠤᠭᠤᠯᠵᠤ᠂ ᠴᠡᠭᠴᠡᠯᠡᠨ ᠦᠭᠡᠷᠡᠴᠢᠯᠡᠬᠦ᠂ ᠪᠠᠢᠴᠠᠭᠠᠬᠤ ᠪᠠ ᠠᠰᠠᠭᠤᠳᠠᠯ ᠢ ᠰᠢᠢᠳᠪᠤᠷᠢᠯᠡᠬᠦ ᠴᠢᠭᠯᠡᠯᠳᠤ ᠴᠢᠨᠠᠷ ᠢ ᠨᠡᠮᠡᠭᠳᠡᠬᠦᠯᠬᠦ ᠭᠡᠷᠡᠭᠳᠡᠢ᠃ ᠰᠤᠷᠤᠯᠴᠠᠯᠭ᠎ᠠ ᠪᠠ ᠬᠢᠬᠦ ᠶᠢ ᠤᠶᠠᠯᠳᠤᠭᠤᠯᠵᠤ᠂ ᠪᠠᠢᠴᠠᠭᠠᠬᠤ ᠪᠠ ᠵᠠᠰᠠᠬᠤ ᠶᠢ ᠨᠡᠪᠳᠡᠷᠡᠬᠦᠯᠤᠨ᠂ ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠪᠠᠢᠴᠠᠭᠠᠨ ᠤᠯᠤᠭᠰᠨᠨ ᠠᠰᠠᠭᠤᠳᠠᠯ ᠢ ᠭᠤᠤᠯ ᠰᠡᠳᠤᠪᠳᠤ ᠬᠦᠮᠤᠵᠢᠯ ᠤᠨ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠬᠤ ᠭᠤᠤᠯᠳᠠᠯᠭ᠎ᠠ ᠳᠤ ᠬᠤᠷᠢᠶᠠᠩᠭᠤᠢᠯᠠᠵᠤ᠂ ᠴᠡᠭᠴᠡᠯᠡᠨ ᠦᠭᠡᠷᠡᠴᠢᠯᠡᠬᠦ ᠨᠠᠷᠢᠨ ᠲᠠᠩᠰᠨ ᠭᠠᠷᠭᠠᠨ᠂ ᠰᠤᠷᠤᠯᠴᠠᠬᠤ ᠶᠢᠨ ᠲᠠᠭᠠᠤ ᠬᠠᠷᠭᠤᠭᠤᠯᠬᠤ᠂ ᠬᠠᠷᠭᠤᠭᠤᠯᠬᠤ ᠶᠢᠨ ᠲᠠᠭᠠᠤ ᠴᠡᠭᠴᠡᠯᠡᠨ ᠦᠭᠡᠷᠡᠴᠢᠯᠡᠵᠤ᠂ ᠠᠰᠠᠭᠤᠳᠠᠯ ᠪᠦᠬᠦᠨ ᠢ ᠴᠡᠭᠴᠡᠯᠡᠵᠤ ᠦᠭᠡᠷᠡᠴᠢᠯᠡᠨ᠂ ᠶᠠᠪᠤᠳᠠᠯ ᠪᠦᠬᠦᠨ ᠢ ᠨᠠᠢᠳᠠᠪᠤᠷᠢᠵᠢᠭᠤᠯᠵᠤ᠂ ᠭᠤᠤᠯ ᠰᠡᠳᠤᠪᠳᠤ ᠬᠦᠮᠤᠵᠢᠯ ᠤᠨ ᠪᠠᠳᠤᠳᠠᠢ ᠦᠷ᠎ᠠ ᠪᠦᠳᠤᠮᠵᠢ ᠤᠯᠬᠤ ᠶᠢ ᠪᠠᠳᠤᠯᠠᠬᠤ ᠭᠡᠷᠡᠭᠳᠡᠢ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠨᠠᠮ ᠤᠨ ᠲᠦᠷᠢᠮ ᠲᠤᠭᠳᠠᠭᠠᠯ ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯᠳᠤᠭᠠᠨ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠰᠤᠯᠢᠯᠴᠠᠭᠠᠨ ᠤ ᠬᠤᠷᠠᠯ ᠬᠤᠷᠠᠯᠳᠤᠭᠤᠯᠤᠭᠰᠨᠨ ᠨᠢ