ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠰᠤᠯᠢᠯᠴᠠᠭᠠᠨ ᠤ ᠬᠤᠷᠠᠯ ᠬᠤᠷᠠᠯᠳᠤᠭᠤᠯᠤᠭᠰᠨᠨ ᠨᠢ


10 ᠰᠠᠷ᠎ᠠ ᠶᠢᠨ30᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠰᠤᠯᠢᠯᠴᠠᠭᠠᠨ ᠤ ᠬᠤᠷᠠᠯ ᠬᠤᠷᠠᠯᠳᠤᠭᠤᠯᠪᠠ᠃ᠬᠤᠳᠠ ᠶᠢᠨ ᠨᠠᠮ ᠤᠨ ᠬᠤᠷᠢᠶᠠᠨ ᠤ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠮᠤᠶᠦᠩ ᠴᠦᠨ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ᠂ᠡᠷᠬᠢᠯᠡᠭᠴᠢ ᠪᠠᠶᠠᠨᠰᠠᠩ ᠬᠤᠷᠠᠯ ᠡᠷᠬᠢᠯᠡᠪᠡ᠃

《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠬᠢᠷᠠᠭᠤᠯᠤᠯᠳᠠ ᠶᠤᠰᠤᠭᠠᠷ᠂ ᠡᠮᠤᠨᠡᠬᠢ ᠬᠤᠭᠤᠴᠠᠭᠠᠨ ᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠤᠨ ᠨᠢᠳᠤᠨ ᠡᠮᠤᠨᠡᠬᠢ ᠪᠠᠢᠳᠠᠯ ᠪᠤᠯᠤᠨ ᠠᠵᠢᠯ ᠤᠨ ᠬᠤᠪᠢᠶᠠᠷᠢᠯᠠᠯᠳᠠ ᠲᠠᠢ ᠪᠠᠨ ᠤᠶᠠᠯᠳᠤᠭᠤᠯᠤᠨ᠂ ᠦᠨᠳᠤᠰᠤᠨ ᠱᠠᠳᠤᠨ ᠤ ᠪᠠᠢᠭᠤᠯᠭ᠎ᠠ ᠳᠤ ᠬᠦᠨᠵᠡᠭᠡᠢᠢᠷᠡᠨ ᠰᠠᠭᠤᠵᠤ ᠪᠠᠢᠴᠠᠭᠠᠨ ᠰᠤᠳᠤᠯᠤᠯᠳᠠ ᠬᠢᠭᠰᠡᠨ ᠪᠠᠢᠨ᠎ᠡ᠃

ᠬᠤᠷᠠᠯ ᠡᠴᠨ ᠱᠠᠭᠠᠷᠳᠠᠭᠰᠨᠨ ᠨᠢ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠲᠠᠭᠡᠳᠤ ᠭᠡᠮᠵᠢᠶᠠᠨ ᠤ ᠡᠬᠦᠷᠭᠡ ᠬᠠᠷᠢᠭᠤᠴᠠᠯᠭᠠᠳᠤ ᠰᠡᠳᠬᠢᠯᠭᠡ ᠪᠡᠷ ᠭᠤᠤᠯ ᠠᠵᠢᠯ ᠤᠨ ᠲᠤᠭᠤᠷᠢᠨ ᠳᠤ᠂ ᠶᠡᠭᠡ ᠲᠠᠯ᠎ᠠ ᠳᠤ ᠤᠢᠯᠡᠴᠢᠯᠡᠵᠤ᠂ ᠰᠠᠨᠠᠭᠠᠴᠢᠯᠠᠭ᠎ᠠ ᠡᠴᠨ ᠪᠠᠨ ᠠᠵᠢᠯᠯᠠᠠ᠂ ᠦᠷᠬᠦᠯᠵᠢᠯᠡᠨ ᠪᠠᠢᠴᠠᠭᠠᠨ ᠰᠤᠳᠤᠯᠵᠤ᠂ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠠ᠂ ᠦᠨᠡᠨᠬᠦ ᠦᠨᠡᠨ ᠪᠤᠳᠠᠳᠠᠢ ᠦᠭᠡᠷᠡᠴᠢᠯᠡᠵᠤ᠂ ᠬᠠᠤᠯᠢ ᠶᠤᠰᠤᠭᠠᠷ ᠡᠬᠦᠷᠭᠡ ᠲᠤᠰᠢᠶᠠᠯ ᠶᠢᠠᠨ ᠬᠦᠢᠴᠡᠳᠭᠡᠬᠦ ᠳᠤ ᠪᠠᠳᠤ ᠪᠠᠬᠢ ᠰᠠᠭᠤᠷᠢ ᠲᠠᠯᠪᠢᠬᠤ ᠭᠡᠷᠡᠭᠳᠡᠢ᠃ᠰᠠᠨᠠᠭᠠᠴᠢᠯᠠᠭ᠎ᠠ ᠡᠴᠨ ᠪᠠᠨ ᠪᠠᠢᠴᠠᠭᠠᠨ ᠰᠤᠳᠤᠯᠬᠤ ᠶᠢ ᠲᠦᠯᠤᠪᠯᠡᠵᠤ᠂ ᠭᠤᠤᠯ ᠰᠡᠳᠤᠪᠳᠤ ᠬᠦᠮᠤᠵᠢᠯ ᠤᠨ ᠬᠤᠢᠰᠢᠳᠠ ᠶᠢᠨ ᠭᠤᠤᠯᠳᠠᠯᠭ᠎ᠠ ᠲᠠᠢ ᠠᠵᠢᠯ ᠢ ᠨᠠᠷᠢᠨ ᠪᠤᠳᠠᠳᠠᠢ ᠠᠳᠬᠤᠨ᠂ ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠭᠰᠨᠨ ᠦᠷ᠎ᠠ ᠪᠦᠳᠤᠮᠵᠢ ᠶᠢ ᠨᠠᠷᠢᠨ ᠬᠢᠨᠠᠮᠠᠭᠠᠢ ᠡᠮᠬᠢᠳᠭᠡᠵᠤ᠂ ᠦᠷ᠎᠎ᠠ ᠪᠦᠳᠤᠮᠵᠢ ᠶᠢ ᠬᠤᠪᠢᠷᠠᠭᠤᠯᠤᠨ ᠭᠡᠷᠡᠭᠯᠡᠬᠦ ᠶᠢ ᠦᠨᠡᠨᠬᠦ ᠲᠦᠯᠬᠢᠨ ᠠᠬᠢᠭᠤᠯᠬᠤ ᠭᠡᠷᠡᠭᠳᠡᠢ᠃ ᠰᠤᠷᠤᠯᠴᠠᠨ ᠪᠠᠢᠴᠠᠭᠠᠨ ᠰᠤᠳᠤᠯᠤᠭᠰᠨᠨ ᠰᠠᠭᠤᠷᠢᠨ ᠲᠠᠭᠡᠷ᠎ᠠ᠂ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠨ ᠲᠠᠭᠠᠭᠠᠤᠯᠤᠨ ᠪᠠᠢᠭᠤᠯᠭ᠎ᠠ ᠪᠤᠯᠤᠨ ᠲᠠᠭᠠᠭᠠᠴᠢᠯᠠᠭᠰᠨᠨ ᠦᠨᠳᠤᠰᠤᠨ ᠱᠠᠳᠤᠨ ᠤ ᠨᠠᠮ ᠤᠨ ᠡᠬᠦᠷ ᠲᠤ ᠲᠤᠰᠬᠠᠢ ᠰᠡᠳᠤᠪᠳᠤ ᠨᠠᠮ ᠤᠨ ᠬᠢᠴᠢᠶᠠᠯᠯᠡᠭᠡ ᠶᠢ ᠰᠠᠢᠳᠤᠷ ᠬᠢᠵᠤ᠂ ᠬᠤᠶᠠᠷ ᠢ ᠴᠢᠩᠭ᠎ᠠ ᠠᠠᠳᠬᠤᠨ᠂ ᠬᠤᠶᠠᠷ ᠢ ᠠᠬᠢᠭᠤᠯᠵᠤ᠂ ᠭᠤᠤᠯ ᠰᠡᠳᠤᠪᠳᠤ ᠬᠦᠮᠤᠵᠢᠯ ᠤᠨ ᠦᠷ᠎ᠠ ᠪᠦᠳᠤᠮᠵᠢ ᠶᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠤᠳᠠᠳᠠᠢ ᠠᠮᠵᠢᠯᠳᠠ ᠲᠠᠭᠡᠷ᠎ᠠ ᠢᠯᠡᠷᠡᠬᠦᠯᠬᠦ ᠭᠡᠷᠡᠭᠳᠡᠢ ᠭᠡᠵᠡᠢ᠃

ᠵᠢᠯᠤᠭᠤᠳᠬᠤ ᠲᠤᠭᠤᠢᠯᠠᠩ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠭᠡᠰᠢᠬᠦᠨ ᠤ ᠶᠠᠷᠢᠶ᠎ᠠ ᠳᠤ ᠪᠤᠰᠤᠳᠴᠢ ᠪᠡᠷ ᠤᠨᠤᠪᠴᠢᠳᠠᠢ ᠦᠨᠡᠯᠡᠯᠳᠠ ᠬᠢᠵᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠰᠤᠯᠢᠯᠴᠠᠭᠠᠨ ᠤ ᠬᠤᠷᠠᠯ ᠤᠨ ᠦᠷ᠎ᠠ ᠪᠦᠳᠤᠮᠵᠢ ᠶᠢ ᠬᠦᠢᠴᠡᠳ ᠦᠨᠡᠯᠡᠬᠦ ᠶᠢᠨ ᠬᠠᠮᠳᠤ᠂ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠪᠤᠳᠠᠳᠠᠢ ᠭᠡᠷᠡᠭᠯᠡᠯᠳᠠ ᠶᠢ ᠰᠠᠢᠳᠤᠷ ᠠᠳᠬᠤᠵᠤ᠂ ᠠᠰᠠᠭᠤᠳᠠᠯ ᠢ ᠰᠢᠢᠳᠪᠤᠷᠢᠯᠡᠬᠦ ᠠᠷᠭ᠎ᠠ ᠮᠠᠶᠢᠭ ᠢ ᠲᠤᠳᠤᠳᠬᠠᠬᠤ ᠵᠡᠷᠭᠡ ᠳᠤ ᠵᠢᠯᠤᠭᠤᠳᠤᠯᠭ᠎ᠠ ᠬᠢᠭᠰᠡᠨ ᠪᠠᠢᠨ᠎ᠡ᠃

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠨᠠᠮ ᠤᠨ ᠲᠦᠷᠢᠮ ᠲᠤᠭᠳᠠᠭᠠᠯ  ᠲᠠᠢ ᠬᠠᠷᠭᠤᠭᠤᠯᠵᠤ ᠵᠦᠷᠢᠶ᠎ᠠ ᠪᠠᠨ ᠡᠷᠢᠬᠦ ᠲᠤᠰᠬᠠᠢ ᠰᠡᠳᠤᠪᠳᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ 《ᠰᠦᠯᠵᠢᠶᠠᠨ ᠲᠠᠭᠡᠷᠡᠬᠢ ᠲᠦᠯᠤᠭᠡᠯᠡᠭᠴᠢ ᠶᠢᠨ ᠭᠡᠷ》᠋ ᠢ ᠨᠡᠭᠡᠭᠡᠵᠤ᠂ ᠲᠦᠯᠤᠭᠡᠯᠡᠭᠴᠢᠳ ᠲᠠᠢ ᠬᠠᠷᠢᠯᠴᠠᠬᠤ《ᠬᠠᠮᠤᠭ ᠰᠡᠬᠦᠯᠴᠢ ᠶᠢᠨ ᠨᠢᠭᠡ ᠺᠢᠯᠤᠮᠸᠲ᠋ᠷ》᠋ ᠢ ᠨᠡᠪᠳᠡᠷᠡᠬᠦᠯᠦᠭᠰᠨᠨ ᠨᠢ