ᠤᠳᠤ ᠶᠢᠨ ᠪᠠᠢ᠌ᠷᠢ᠄ ᠴᠢᠬᠤᠯᠠ ᠮᠡᠳᠡᠭᠡ → 《ᠰᠦᠯᠵᠢᠶᠠᠨ ᠲᠠᠭᠡᠷᠡᠬᠢ ᠲᠦᠯᠤᠭᠡᠯᠡᠭᠴᠢ ᠶᠢᠨ᠁
《ᠰᠦᠯᠵᠢᠶᠠᠨ ᠲᠠᠭᠡᠷᠡᠬᠢ ᠲᠦᠯᠤᠭᠡᠯᠡᠭᠴᠢ ᠶᠢᠨ ᠭᠡᠷ》᠋ ᠢ ᠨᠡᠭᠡᠭᠡᠵᠤ᠂ ᠲᠦᠯᠤᠭᠡᠯᠡᠭᠴᠢᠳ ᠲᠠᠢ ᠬᠠᠷᠢᠯᠴᠠᠬᠤ《ᠬᠠᠮᠤᠭ ᠰᠡᠬᠦᠯᠴᠢ ᠶᠢᠨ ᠨᠢᠭᠡ ᠺᠢᠯᠤᠮᠸᠲ᠋ᠷ》᠋ ᠢ ᠨᠡᠪᠳᠡᠷᠡᠬᠦᠯᠦᠭᠰᠨᠨ ᠨᠢ

 

11 ᠰᠠᠷ᠎ᠠ ᠶᠢᠨ1᠋ ᠤ ᠡᠳᠤᠷ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ《ᠰᠦᠯᠵᠢᠶᠠᠨ ᠲᠠᠭᠡᠷᠡᠬᠢ ᠲᠦᠯᠤᠭᠡᠯᠡᠭᠴᠢ ᠶᠢᠨ ᠭᠡᠷ》᠋ ᠢ ᠨᠡᠭᠡᠭᠡᠬᠦ ᠶᠤᠰᠤᠯᠡᠯ ᠵᠢᠴᠢ ᠪᠦᠬᠦ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠲᠤᠤᠷ ᠰᠦᠯᠵᠢᠶᠠᠨ ᠤ ᠪᠤᠯᠪᠠᠰᠤᠷᠠᠯ ᠤᠨ ᠬᠤᠷᠠᠯ ᠬᠤᠷᠠᠯᠳᠤᠭᠤᠯᠵᠤ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠶᠤᠰᠤᠯᠡᠯ ᠢ ᠡᠷᠬᠢᠯᠡᠬᠦ ᠶᠢᠨ ᠬᠠᠮᠳᠤ ᠶᠠᠷᠢᠶ᠎ᠠ ᠬᠢᠵᠤ᠂ ᠪᠠᠢᠭᠤᠯᠭ᠎ᠠ ᠶᠢᠨ ᠪᠦᠬᠦ ᠺᠠᠳ᠋ᠷ ᠠᠵᠢᠯᠳᠠᠨ ᠵᠢᠴᠢ15ᠰᠤᠮᠤ ᠪᠠᠯᠭᠠᠰᠤᠨ ᠤ 200 ᠢᠯᠡᠬᠦᠤ ᠠᠷᠠᠳ ᠤᠨ ᠲᠦᠯᠤᠭᠡᠯᠡᠭᠴᠢ ᠬᠤᠷᠠᠯ ᠳᠤ ᠤᠷᠤᠯᠴᠠᠭᠰᠨᠨ ᠪᠠᠢᠨ᠎ᠡ᠃






ᠪᠠᠶᠠᠨᠰᠠᠩ ᠬᠤᠷᠠᠯ ᠲᠠᠭᠡᠷ᠎ᠠ᠂《ᠰᠦᠯᠵᠢᠶᠠᠨ ᠲᠠᠭᠡᠷᠡᠬᠢ ᠲᠦᠯᠦᠭᠡᠯᠡᠭᠴᠢ ᠶᠢᠨ ᠭᠡᠷ》᠋ ᠢ ᠤᠬᠠᠭᠤᠯᠤᠨ ᠲᠠᠯᠭᠡᠷᠡᠬᠦᠯᠬᠦ ᠠᠵᠢᠯ ᠢ ᠪᠠᠢᠷᠢᠯᠠᠭᠤᠯᠵᠤ᠂ ᠡᠯ᠎ᠠ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ ᠡᠴᠨ ᠲᠦᠯᠤᠭᠡᠯᠡᠭᠴᠢ ᠶᠢᠨ《ᠰᠦᠯᠵᠢᠶᠠᠨ ᠲᠠᠭᠡᠷᠡᠬᠢ ᠲᠦᠯᠦᠭᠡᠯᠡᠭᠴᠢ ᠶᠢᠨ ᠭᠡᠷ》᠋ ᠤᠨ ᠤᠬᠠᠭᠤᠯᠭ᠎ᠠ ᠪᠤᠯᠤᠨ ᠵᠢᠯᠤᠭᠤᠳᠬᠤ ᠠᠵᠢᠯ ᠢ ᠰᠠᠢᠳᠤᠷ ᠬᠢᠵᠤ᠂ ᠲᠦᠯᠤᠭᠡᠯᠡᠭᠴᠢ ᠳᠤ ᠬᠠᠪᠰᠤᠷᠤᠨ ᠲᠤᠰ ᠲᠠᠪᠴᠠᠩ ᠢ ᠲᠦᠷᠭᠡᠨ ᠤᠢᠯᠠᠭᠠᠭᠤᠯᠬᠤ ᠪᠠ ᠭᠡᠷᠡᠭᠯᠡᠬᠦᠯᠵᠤ᠂ ᠦᠪᠡᠷ ᠤᠨ ᠡᠷᠭᠡ ᠶᠢ ᠨᠢ ᠭᠡᠷᠡᠭᠵᠢᠬᠦᠯᠤᠨ᠂ ᠭᠤᠶᠤᠴᠢᠯᠠᠯ ᠢ ᠨᠢ ᠲᠤᠰᠬᠠᠬᠤ ᠭᠡᠷᠡᠭᠳᠡᠢ ᠭᠡᠵᠤ ᠱᠠᠭᠠᠷᠳᠠᠵᠠᠢ᠃

ᠬᠤᠷᠠᠯ ᠲᠠᠭᠡᠷ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠨᠠᠮ ᠤᠨ ᠲᠠᠤᠭᠡ ᠨᠠᠮ ᠤᠨ ᠪᠠᠢᠭᠤᠯᠤᠯᠳᠠ ᠶᠢᠨ ᠵᠢᠭᠠᠨ ᠰᠤᠳᠤᠯᠬᠤ ᠲᠠᠰᠤᠭ ᠤᠨ ᠬᠦᠸᠸ ᠰᠢᠶᠤᠤ ᠴᠢᠶᠠᠨ ᠪᠠᠭᠰᠢ ᠡᠴᠨ《ᠤᠭ ᠰᠠᠨᠠᠭ᠎ᠠ ᠪᠠᠨ ᠰᠠᠬᠢᠨ᠂ ᠡᠬᠦᠷᠭᠡ ᠪᠠᠨ ᠬᠠᠷᠢᠭᠤᠴᠠᠬᠤ》----《ᠰᠢ ᠵᠢᠨ ᠫᠢᠩ ᠤᠨ ᠲᠤᠯᠤᠭᠠᠨ ᠵᠢᠯ ᠤᠨ ᠰᠡᠭᠡᠭᠡᠳᠠᠨ ᠤ ᠡᠳᠤᠷ ᠬᠤᠨᠤᠭ》《ᠰᠢ ᠵᠢᠨ ᠫᠢᠩ ᠵᠸᠩ ᠳ᠋ᠢ᠍ᠩ ᠳᠤ》ᠤᠷᠤᠭᠰᠢ ᠲᠠᠪᠰᠢᠬᠤ ᠬᠦᠴᠤᠨ ᠬᠦᠷᠳᠡᠭᠰᠨᠨ ᠶᠢᠠᠷ ᠰᠡᠳᠤᠪᠯᠡᠨ᠂ ᠬᠤᠷᠠᠯ ᠳᠤ ᠤᠷᠤᠯᠴᠠᠭᠰᠨᠨ ᠪᠦᠬᠦ ᠺᠠᠳ᠋ᠷ ᠠᠵᠢᠯᠳᠠᠨ ᠳᠤ ᠨᠠᠮ ᠤᠨ ᠬᠢᠴᠢᠶᠡᠯᠯᠡᠭᠡ ᠬᠢᠪᠡ᠃

ᠪᠤᠯᠪᠠᠰᠤᠷᠠᠯ ᠤᠨ ᠲᠠᠷᠠᠭ᠎ᠠ ᠪᠠᠶᠠᠨᠰᠠᠩ ᠵᠢᠭᠠᠵᠤ ᠭᠠᠷᠭᠠᠭᠰᠨᠨ ᠨᠢ᠂ ᠲᠤᠰ ᠬᠢᠴᠢᠶᠡᠯᠯᠡᠭᠡ ᠨᠢ ᠪᠢᠳᠠ ᠳᠤ ᠶᠡᠷᠤᠩᠭᠡᠢ ᠱᠦᠵᠢ ᠶᠢᠨ ᠡᠪ ᠬᠠᠮᠳᠤ ᠨᠠᠮ ᠤᠨ ᠭᠡᠰᠢᠬᠦᠨ ᠤ ᠤᠯᠤᠰ ᠭᠡᠷ ᠤᠨ ᠰᠡᠳᠬᠢᠯᠭᠡ ᠪᠤᠯᠤᠨ ᠡᠬᠦᠷᠭᠡ ᠬᠠᠷᠢᠭᠤᠴᠠᠬᠤ ᠶᠢ ᠵᠢᠩᠬᠢᠨᠢ ᠪᠡᠷ ᠲᠠᠨᠢᠭᠤᠯᠵᠤ᠂ᠠᠷᠠᠳ ᠤᠨ ᠲᠦᠯᠤᠭᠡᠯᠡᠭᠴᠢᠳ ᠤᠨ ᠠᠵᠢᠯ ᠢ ᠰᠠᠢᠳᠤᠷ ᠬᠢᠬᠦ ᠢᠳᠡᠭᠡᠯ ᠵᠤᠷᠢᠭ ᠢ ᠨᠡᠩ ᠪᠠᠳᠤᠵᠢᠭᠤᠯᠤᠭᠰᠨᠨ ᠪᠠᠢᠨ᠎ᠡ ᠭᠡᠵᠡᠢ᠃

ᠪᠠᠶᠠᠨᠰᠠᠩ ᠴᠢᠩᠭᠠᠳᠬᠠᠭᠰᠠᠨ ᠨᠢ᠂ ᠬᠤᠷᠠᠯ ᠳᠤ ᠤᠷᠤᠯᠴᠠᠭᠰᠨᠨ ᠪᠦᠬᠦ ᠺᠠᠳ᠋ᠷ ᠠᠵᠢᠯᠳᠠᠨ ᠲᠦᠯᠤᠭᠡᠯᠡᠭᠴᠢᠳ ᠡᠴᠨ ᠲᠤᠰ ᠤᠳᠠᠭᠠᠨ ᠤ ᠪᠤᠯᠪᠠᠰᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠤᠢᠯᠠᠭᠠᠨ᠂ ᠪᠤᠳᠠᠳᠠᠢ ᠠᠵᠢᠯ ᠲᠤᠮᠳᠠ ᠪᠠᠨ《ᠠᠷᠠᠳ ᠲᠦᠮᠨᠨ ᠡᠴᠨ ᠨᠠᠳᠠ ᠶᠢ ᠰᠤᠩᠭᠤᠨ ᠲᠦᠯᠤᠭᠡᠯᠡᠭᠴᠢ ᠪᠤᠯᠭᠠᠵᠤ᠂ ᠪᠢ ᠲᠦᠯᠤᠭᠡᠯᠡᠭᠴᠢ ᠪᠤᠯᠤᠭᠰᠠᠨ ᠨᠢ ᠠᠷᠠᠳ ᠲᠦᠮᠨᠨ ᠤ ᠲᠦᠯᠤᠭᠡ》ᠭᠡᠬᠦ ᠤᠢᠯᠠᠭᠠᠭᠳᠠᠬᠤᠨ ᠢ ᠪᠠᠳᠤ ᠪᠠᠬᠢᠵᠢᠬᠦᠯᠵᠤ᠂ ᠪᠦᠬᠦ ᠰᠡᠳᠬᠢᠯ ᠪᠦᠬᠦ ᠵᠤᠷᠢᠭ ᠶᠢᠠᠷ ᠠᠷᠠᠳ ᠲᠦᠮᠨᠨ ᠳᠤ ᠤᠢᠯᠡᠴᠢᠯᠡᠬᠦ ᠵᠤᠷᠢᠯᠳᠠ ᠶᠢ ᠪᠠᠷᠢᠮᠳᠠᠯᠬᠤ ᠪᠠ ᠤᠢᠯᠡᠳᠤᠯᠭᠡᠵᠢᠬᠦᠯᠤᠨ᠂ ᠠᠷᠠᠳ ᠤᠨ ᠰᠠᠨᠠᠭ᠎ᠠ ᠠᠷᠠᠳ ᠤᠨ ᠪᠠᠢᠳᠠᠯ ᠢ ᠴᠠᠭ ᠲᠤᠬᠠᠢ ᠳᠤᠨᠢ ᠪᠦᠬᠦ ᠲᠠᠯ᠎ᠠ ᠪᠡᠷ ᠤᠨᠤᠪᠴᠢᠳᠠᠢ ᠬᠤᠷᠢᠶᠠᠨ ᠴᠤᠭᠯᠠᠭᠤᠯᠵᠤ᠂ ᠤᠯᠠᠨ ᠲᠦᠮᠨᠨ ᠤ ᠲᠦᠯᠤᠭᠡ ᠪᠤᠳᠤᠨ᠂ ᠭᠡᠵᠢᠶᠡᠳᠠ ᠴᠠᠯᠠᠭᠠᠢᠷᠠᠬᠤ ᠦᠭᠡᠢ ᠵᠤᠷᠢᠭ ᠰᠠᠨᠠᠨᠭ᠎ᠠ ᠪᠡᠷ ᠠᠷᠠᠳ ᠲᠦᠮᠨᠨ ᠤ ᠰᠠᠢᠨ ᠰᠠᠢᠬᠠᠨ ᠠᠮᠢᠳᠤᠷᠠᠯ ᠤᠨ ᠲᠦᠯᠤᠭᠡ ᠬᠤᠪᠢ ᠨᠡᠮᠡᠷᠢ ᠪᠠᠨ ᠦᠵᠡᠬᠦᠯᠬᠦ ᠭᠡᠷᠡᠭᠳᠡᠢ ᠭᠡᠵᠡᠢ᠃

 

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠰᠤᠯᠢᠯᠴᠠᠭᠠᠨ ᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ