ᠤᠳᠤ ᠶᠢᠨ ᠪᠠᠢ᠌ᠷᠢ᠄ ᠴᠢᠬᠤᠯᠠ ᠮᠡᠳᠡᠭᠡ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ


ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ  ᠪᠠ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠲᠤᠰᠢᠶᠠᠯ ᠶᠢᠠᠨ ᠬᠦᠢᠴᠡᠳᠭᠡᠬᠦ ᠶᠢ ᠲᠦᠯᠬᠢᠨ ᠠᠬᠢᠭᠤᠯᠵᠤ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠲᠠᠢ ᠤᠶᠠᠯᠳᠤᠭᠤᠯᠬᠤ ᠶᠢᠨ ᠲᠦᠯᠤᠭᠡ᠂11 ᠰᠠᠷ᠎ᠠ ᠶᠢᠨ5᠋ ᠤ ᠡᠳᠤᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠡᠴᠨ ᠰᠤᠮᠤ ᠪᠠᠯᠭᠠᠰᠤᠨ ᠤ ᠰᠢᠨ᠎ᠡ ᠴᠠᠭ ᠦᠶ᠎ᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠴᠢᠩᠭᠠᠳᠬᠠᠬᠤ ᠪᠠ ᠦᠭᠡᠷᠡᠴᠢᠯᠡᠡ ᠰᠠᠢᠵᠢᠷᠠᠭᠤᠯᠬᠤ ᠶᠢᠨ ᠲᠤᠭᠤᠷᠢᠨ ᠳᠤ ᠪᠠᠢᠴᠠᠭᠠᠨ ᠰᠤᠳᠤᠯᠤᠯᠳᠠ ᠬᠢᠵᠤ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠦᠷᠡᠪᠡᠳᠤ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠵᠦᠪᠯᠡᠯ᠂ ᠠᠯᠪᠠᠨ ᠭᠡᠷ ᠤᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠨ ᠰᠤᠳᠤᠯᠤᠯᠳᠠ ᠬᠢᠪᠡ᠃



ᠪᠠᠶᠠᠨᠰᠠᠩ ᠤᠷᠢᠳ ᠬᠤᠵᠢᠳ ᠦᠨᠡᠭᠡᠴᠢ ᠮᠠᠯᠵᠢᠯ ᠤᠨ ᠲᠠᠯᠠᠪᠠᠢ᠂ ᠬᠤᠩᠬᠤᠳᠤ ᠪᠠᠯᠭᠠᠰᠤ᠂ ᠴᠢᠨᠳᠠᠮᠤᠨᠢ ᠰᠤᠮᠤ ᠵᠡᠷᠭᠡ ᠪᠤᠳᠠᠳᠠᠢ ᠭᠠᠵᠠᠷ ᠲᠤ ᠪᠠᠢᠴᠠᠭᠠᠨ ᠦᠵᠡᠬᠦ᠂ᠮᠡᠳᠡᠬᠦᠯᠤᠯᠳᠠ ᠰᠤᠨᠤᠰᠬᠤ᠂ ᠡᠷᠤᠭᠡ ᠳᠤ ᠤᠷᠤᠵᠤ ᠠᠰᠠᠭᠤᠨ ᠰᠤᠷᠪᠤᠯᠵᠢᠯᠠᠬᠤ ᠵᠡᠷᠭᠡ ᠭᠡᠯᠪᠡᠷᠢ ᠪᠡᠷ ᠡᠯ᠎ᠠ ᠭᠠᠵᠠᠷ ᠤᠨ《ᠲᠦᠯᠤᠭᠡᠯᠡᠭᠴᠢ ᠶᠢᠨ ᠭᠡᠷ》᠋ ᠤᠨ ᠠᠵᠢᠯᠯᠠᠭ᠎ᠠ ᠶᠢᠨ ᠪᠠᠢᠳᠠᠯ᠂ ᠲᠦᠯᠤᠭᠡᠯᠡᠭᠴᠢ ᠶᠢᠨ ᠪᠠᠭ᠎ᠠ ᠲᠤᠭᠤᠢᠯᠠᠩ ᠤᠨ ᠬᠦᠳᠡᠯᠭᠡᠭᠡᠨ ᠦᠷᠨᠢᠬᠦᠯᠦᠭᠰᠨᠨ ᠪᠠᠢᠳᠠᠯ᠂ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠵᠤ ᠪᠠᠢᠭ᠎ᠠ ᠪᠠᠢᠳᠠᠯ ᠢ ᠨᠠᠷᠢᠯᠢᠭ ᠤᠢᠯᠠᠭᠠᠬᠤ ᠶᠢᠨ ᠬᠠᠮᠳᠤ ᠤᠷᠤᠰᠢᠵᠤ ᠪᠠᠢᠭ᠎ᠠ ᠠᠰᠠᠭᠤᠳᠠᠯ ᠬᠦᠴᠢᠷᠳᠠᠯ ᠢ ᠤᠢᠯᠠᠭᠠᠨ ᠪᠠᠢᠴᠠᠭᠠᠭᠰᠨᠨ ᠪᠠᠢᠨ᠎ᠡ᠃


ᠪᠠᠶᠠᠨᠰᠠᠩ ᠡᠯ᠎ᠠ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠯᠤᠭᠰᠨᠨ ᠠᠮᠵᠢᠯᠳᠠ ᠶᠢ ᠬᠦᠢᠴᠡᠳ ᠦᠨᠡᠯᠡᠬᠦ ᠶᠢᠨ ᠬᠠᠮᠳᠤ ᠵᠢᠭᠠᠵᠤ ᠭᠠᠷᠭᠠᠭᠰᠨᠨ ᠨᠢ᠂ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯ ᠬᠠᠮᠤᠭ ᠦᠨᠳᠤᠰᠤᠨ ᠱᠠᠳᠤᠨ ᠤ ᠭᠠᠵᠠᠷ ᠤᠷᠤᠨ ᠤ ᠲᠦᠷᠤ ᠶᠢᠨ ᠡᠷᠭᠡᠳᠤ ᠪᠠᠢᠭᠤᠯᠭ᠎ᠠ ᠪᠤᠯᠤᠨ᠎ᠡ᠂ ᠮᠦᠨᠴᠤ ᠠᠷᠠᠳ ᠤᠯᠠᠨ ᠲᠠᠢ ᠰᠢᠭᠤᠤᠨ ᠬᠠᠷᠢᠯᠴᠠᠵᠤ ᠪᠠᠢᠭ᠎ᠠ ᠬᠦᠬᠦᠷᠭᠡ ᠪᠤᠯᠤᠨ ᠬᠤᠯᠪᠤᠭᠠᠰᠤ ᠮᠦᠨ᠂ ᠪᠦᠬᠦ ᠲᠠᠯ᠎ᠠ ᠪᠡᠷ ᠬᠠᠤᠯᠢ ᠪᠡᠷ ᠤᠯᠤᠰ ᠶᠢᠠᠨ ᠵᠠᠰᠠᠬᠤ ᠶᠢᠨ ᠴᠢᠬᠤᠯᠨ ᠪᠠᠢᠷᠢᠨ ᠳᠤ ᠪᠠᠢᠵᠤ᠂ ᠬᠦᠨᠳᠤ ᠴᠢᠬᠤᠯᠨ ᠠᠴᠢ ᠬᠤᠯᠪᠤᠭᠳᠠᠯ ᠲᠠᠢ ᠶᠤᠮ ᠭᠡᠵᠡᠢ᠃


ᠠᠷᠠᠳ ᠤᠨ ᠲᠦᠯᠤᠭᠡᠯᠡᠭᠴᠢ ᠶᠢ ᠠᠰᠠᠭᠤᠨ ᠰᠤᠷᠪᠤᠯᠵᠢᠯᠠᠬᠤ ᠶᠠᠪᠤᠴᠨ ᠳᠤ ᠪᠠᠶᠠᠨᠰᠠᠩ ᠵᠢᠭᠠᠵᠤ ᠭᠠᠷᠭᠠᠭᠰᠨᠨ ᠨᠢ᠂ ᠠᠷᠠᠳ ᠤᠨ ᠲᠦᠯᠤᠭᠡᠯᠡᠭᠴᠢ ᠪᠤᠯ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠭᠤᠤᠯ ᠴᠤᠭᠴᠨ ᠮᠦᠨ᠂ ᠠᠷᠠᠳ ᠤᠨ ᠲᠦᠯᠤᠭᠡᠯᠡᠭᠴᠢᠳ ᠤᠨ ᠤᠢᠯᠡᠳᠤᠯ ᠢ ᠨᠡᠩ ᠰᠠᠢᠳᠤᠷ ᠪᠠᠳᠠᠷᠠᠭᠤᠯᠬᠤ ᠪᠤᠯ ᠠᠷᠠᠳ ᠲᠦᠮᠨᠨ ᠡᠵᠡᠨ ᠰᠠᠭᠤᠵᠤ ᠡᠷᠭᠡ ᠮᠡᠳᠡᠭᠰᠨᠨ ᠢ ᠪᠠᠷᠢᠮᠳᠠᠯᠠᠬᠤ ᠪᠠ ᠲᠠᠬᠦᠯᠳᠡᠷᠵᠢᠬᠦᠯᠬᠦ ᠶᠢᠨ ᠴᠢᠬᠤᠯᠨ ᠢᠯᠡᠷᠡᠯ ᠪᠤᠯᠤᠨ᠎ᠡ᠂ ᠮᠦᠨᠴᠤ ᠠᠷᠠᠳ ᠤᠨ ᠲᠦᠯᠤᠭᠡᠯᠡᠭᠴᠢᠳ ᠤᠨ ᠠᠵᠢᠯ ᠤᠨ ᠠᠮᠢᠵᠢᠷᠠᠯ ᠤᠨ ᠬᠦᠴᠤᠨ ᠢ ᠪᠠᠳᠤᠯᠠᠬᠤ ᠴᠢᠬᠤᠯᠨ ᠰᠠᠭᠤᠷᠢ ᠪᠤᠯᠤᠨ᠎ᠡ ᠭᠡᠵᠡᠢ᠃

ᠪᠠᠶᠠᠨᠰᠠᠩ ᠱᠠᠭᠠᠷᠳᠠᠭᠰᠨᠨ ᠨᠢ᠂ ᠡᠯ᠎ᠠ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠨᠢ ᠲᠦᠯᠤᠭᠡᠯᠡᠭᠴᠢ ᠶᠢᠨ ᠭᠤᠤᠯ ᠴᠤᠭᠴᠨ ᠶᠢᠨ ᠪᠠᠢᠷᠢ ᠰᠠᠭᠤᠷᠢ ᠶᠢ ᠬᠦᠨᠳᠤᠳᠭᠡᠨ᠂ ᠲᠦᠯᠤᠭᠡᠯᠡᠭᠴᠢᠳ ᠲᠤ ᠤᠢᠯᠡᠴᠢᠯᠡᠬᠦ ᠲᠠᠨᠢᠯᠳᠠ ᠪᠠᠨ ᠪᠠᠬᠢᠵᠢᠬᠦᠯᠵᠤ᠂ᠲᠦᠯᠤᠭᠡᠯᠡᠭᠴᠢ ᠶᠢᠨ ᠬᠠᠤᠯᠢ ᠶᠤᠰᠤᠭᠠᠷ ᠲᠤᠰᠢᠶᠠᠯ ᠶᠢᠠᠨ ᠬᠦᠢᠴᠡᠳᠭᠡᠬᠦ ᠶᠢ ᠪᠠᠳᠤᠯᠠᠬᠤ ᠭᠡᠷᠡᠭᠳᠡᠢ᠃ᠡᠯ᠎ᠠ ᠰᠤᠮᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠤᠷᠳᠤᠨ ᠡᠴᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠡᠷᠭᠡ ᠲᠤᠰᠢᠶᠠᠯ ᠶᠢᠠᠨ ᠶᠠᠪᠤᠭᠤᠯᠬᠤ ᠶᠢ ᠪᠦᠬᠦ ᠬᠦᠴᠤᠨ ᠶᠢᠠᠷ ᠲᠠᠮᠵᠢᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠦᠪᠡᠷ ᠤᠨ ᠪᠠᠶ᠎ᠠ ᠶᠢᠨ ᠪᠦᠳᠤᠭᠡᠨ ᠪᠠᠢᠭᠤᠯᠤᠯᠳᠠ ᠶᠢ ᠴᠢᠩᠭᠠᠳᠬᠠᠬᠤ ᠶᠢ ᠪᠦᠬᠦ ᠬᠦᠴᠤᠨ ᠶᠢᠠᠷ ᠲᠦᠯᠬᠢᠵᠤ ᠠᠬᠢᠭᠤᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠢᠯᠨ ᠴᠤᠭᠴᠠᠳᠤ ᠬᠢᠷᠢ ᠲᠦᠪᠰᠢᠨ ᠢ ᠤᠯᠠᠮ ᠨᠢᠭᠡ ᠠᠯᠬᠤᠮ ᠠᠬᠢᠭᠤᠯᠵᠤ᠂ ᠠᠵᠤ ᠠᠬᠤᠢ ᠨᠡᠢᠭᠡᠮ ᠤᠨ ᠬᠦᠭᠵᠢᠯᠳᠠ ᠶᠢᠨ ᠭᠡᠷᠡᠭᠴᠡᠭᠡ ᠳᠤ ᠨᠡᠩ ᠰᠠᠢᠨ ᠶᠢᠠᠷ ᠵᠤᠬᠢᠴᠠᠭᠤᠯᠤᠨ᠂《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠢ ᠯᠠᠪᠳᠠᠭᠤᠨ ᠦᠷᠨᠢᠬᠦᠯᠵᠤ᠂ ᠰᠢᠷᠢᠰ ᠠᠵᠢᠯᠯᠠᠭ᠎ᠠ ᠶᠢ ᠨᠠᠷᠢᠨ ᠬᠢᠨᠠᠮᠠᠭᠠᠢ ᠰᠠᠢᠳᠤᠷ ᠬᠢᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠲᠦᠯᠬᠢᠵᠤ ᠠᠬᠢᠭᠤᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠬᠦᠮᠤᠰ ᠤᠨ ᠰᠡᠳᠬᠢᠯ ᠳᠤ ᠬᠦᠨ ᠰᠠᠭᠤᠭᠳᠠᠭᠤᠯᠬᠤ ᠶᠢ ᠠᠬᠢᠭᠤᠯᠬᠤ ᠭᠡᠷᠡᠭᠳᠡᠢ ᠭᠡᠵᠡᠢ᠃

ᠡᠮᠦᠨᠡᠬᠢ᠄ 《ᠰᠦᠯᠵᠢᠶᠠᠨ ᠲᠠᠭᠡᠷᠡᠬᠢ ᠲᠦᠯᠤᠭᠡᠯᠡᠭᠴᠢ ᠶᠢᠨ ᠭᠡᠷ》᠋ ᠢ ᠨᠡᠭᠡᠭᠡᠵᠤ᠂ ᠲᠦᠯᠤᠭᠡᠯᠡᠭᠴᠢᠳ ᠲᠠᠢ ᠬᠠᠷᠢᠯᠴᠠᠬᠤ《ᠬᠠᠮᠤᠭ ᠰᠡᠬᠦᠯᠴᠢ ᠶᠢᠨ ᠨᠢᠭᠡ ᠺᠢᠯᠤᠮᠸᠲ᠋ᠷ》᠋ ᠢ ᠨᠡᠪᠳᠡᠷᠡᠬᠦᠯᠦᠭᠰᠨᠨ ᠨᠢ
ᠳᠠᠷᠠᠭᠠᠬᠢ᠄ ᠰᠢᠯᠢᠩᠭᠤᠤᠯ ᠠᠢᠮᠠᠭ ᠤᠨ ᠰᠢᠯᠤᠭᠤᠨ ᠬᠦᠭᠡ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢ ᠮᠠᠨ ᠤ ᠬᠤᠰᠢᠭᠤᠨ ᠳᠤ ᠢᠷᠡᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠷᠤᠯᠴᠠᠯᠭ᠎ᠠ ᠰᠤᠯᠢᠯᠴᠠᠭ᠎ᠠ ᠦᠷᠨᠢᠬᠦᠯᠦᠭᠰᠨᠨ ᠨᠢ