ᠤᠳᠤ ᠶᠢᠨ ᠪᠠᠢ᠌ᠷᠢ᠄ ᠴᠢᠬᠤᠯᠠ ᠮᠡᠳᠡᠭᠡ → ᠰᠢᠯᠢᠩᠭᠤᠤᠯ ᠠᠢᠮᠠᠭ ᠤᠨ ᠰᠢᠯᠤᠭᠤᠨ ᠬᠦᠭᠡ᠁
ᠰᠢᠯᠢᠩᠭᠤᠤᠯ ᠠᠢᠮᠠᠭ ᠤᠨ ᠰᠢᠯᠤᠭᠤᠨ ᠬᠦᠭᠡ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠢ ᠮᠠᠨ ᠤ ᠬᠤᠰᠢᠭᠤᠨ ᠳᠤ ᠢᠷᠡᠵᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠤᠷᠤᠯᠴᠠᠯᠭ᠎ᠠ ᠰᠤᠯᠢᠯᠴᠠᠭ᠎ᠠ ᠦᠷᠨᠢᠬᠦᠯᠦᠭᠰᠨᠨ ᠨᠢ


11ᠰᠠᠷ᠎ᠠ ᠶᠢᠨ11᠋ ᠤ ᠡᠳᠤᠷ᠂ ᠰᠢᠯᠢᠩᠭᠤᠤᠯ ᠠᠢᠮᠠᠭ ᠤᠨ ᠰᠢᠯᠤᠭᠤᠨ ᠬᠦᠭᠡ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠨᠠᠷᠠᠰᠤ᠂ ᠸᠠᠩ ᠵᠢᠢ ᠷᠦᠩ ᠡᠴᠨ ᠰᠢᠯᠤᠭᠤᠨ ᠬᠦᠭᠡ ᠬᠤᠰᠢᠭᠤᠨ ᠤ ᠬᠠᠮᠢᠶ᠎ᠠ ᠪᠦᠬᠦᠢ ᠵᠦᠪᠯᠡᠯ᠂ ᠠᠯᠪᠠᠨ ᠭᠡᠷ ᠪᠤᠯᠤᠨ ᠡᠳ᠋ ᠤᠨ ᠵᠠᠰᠠᠭ ᠤᠨ ᠲᠤᠪᠴᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠤᠷᠤᠯᠴᠠᠨ ᠰᠤᠯᠢᠯᠴᠠᠭᠰᠨᠨ ᠪᠠᠢᠨ᠎ᠡ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠪᠦ᠋ ᠮᠤᠤ ᠰᠢᠶᠠᠩ ᠵᠢᠴᠢ ᠬᠠᠮᠢᠶ᠎ᠠ ᠪᠦᠬᠦᠢ ᠵᠦᠪᠯᠡᠯ ᠪᠠ ᠠᠯᠪᠠᠨ ᠭᠡᠷ ᠤᠨ ᠬᠠᠷᠢᠭᠤᠴᠠᠯᠭᠠᠳᠠᠨ ᠪᠠᠷ᠎ᠠ ᠪᠤᠯᠤᠨ ᠪᠠᠢᠴᠠᠭᠠᠪᠠ᠃


ᠪᠠᠢᠴᠠᠭᠠᠬᠤ ᠲᠤᠭᠤᠢᠯᠠᠩ ᠤᠷᠢᠳᠠᠪᠠᠷ ᠰᠢᠶᠠᠩᠱᠠᠨ ᠪᠠᠯᠭᠠᠰᠤᠨ ᠤ《ᠲᠦᠯᠤᠭᠡᠯᠡᠭᠴᠢ ᠶᠢᠨ ᠭᠡᠷ ᠪᠦᠯᠢ》᠋ ᠪᠠ ᠨᠠᠮ ᠤᠯᠨᠨ ᠲᠦᠮᠨᠨ ᠤ ᠤᠢᠯᠡᠴᠢᠯᠡᠭᠡᠨ ᠤ ᠲᠦᠪ ᠲᠤ ᠬᠦᠷᠴᠤ᠂ ᠲᠤᠰᠬᠠᠢ ᠰᠡᠳᠤᠪᠳᠤ ᠹᠢᠯᠢᠮ ᠦᠵᠡᠬᠦ᠂ ᠠᠵᠢᠯ ᠤᠨ ᠮᠡᠳᠡᠬᠦᠯᠤᠯᠳᠠ ᠰᠤᠨᠤᠰᠬᠤ᠂ ᠪᠤᠳᠠᠳᠠᠢ ᠭᠠᠵᠠᠷ ᠲᠤ ᠠᠰᠠᠭᠤᠨ ᠯᠠᠪᠯᠠᠬᠤ ᠵᠡᠷᠭᠡ ᠭᠡᠯᠪᠡᠷᠢ ᠪᠡᠷ ᠲᠠᠮᠵᠢᠨ᠂ ᠰᠢᠶᠠᠩᠱᠠᠨ ᠪᠠᠯᠭᠠᠰᠤᠨ ᠤ ᠪᠢᠯᠲ ᠦᠭᠴᠤ ᠪᠠᠳᠤᠯᠠᠬᠤ ᠠᠵᠢᠯ ᠦᠷᠨᠢᠬᠦᠯᠦᠭᠰᠨᠨ ᠪᠠᠢᠳᠠᠯ᠂ ᠲᠦᠯᠤᠭᠡᠯᠡᠭᠴᠢ ᠶᠢᠨ ᠭᠡᠷ ᠪᠦᠯᠢ ᠶᠢᠨ ᠶᠠᠪᠤᠭᠳᠠᠵᠤ ᠪᠠᠢᠭ᠎ᠠ ᠪᠠᠢᠳᠠᠯ ᠪᠤᠯᠤᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠦᠷᠨᠢᠬᠦᠯᠦᠭᠰᠨᠨ ᠪᠠᠢᠳᠠᠯ ᠢ ᠨᠠᠷᠢᠨ ᠨᠢᠭᠳᠠ ᠤᠢᠯᠡᠭᠠᠭᠰᠨᠨ ᠪᠠᠢᠨ᠎ᠡ᠃


ᠲᠠᠷᠠᠭᠠᠴᠢ ᠪᠡᠷ᠂ ᠪᠠᠢᠴᠠᠭᠠᠬᠤ ᠲᠤᠭᠤᠢᠯᠠᠩ ᠡᠴᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠳᠤ ᠢᠷᠡᠵᠤ᠂ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠦᠯᠵᠢᠶ᠎ᠠ ᠶᠢᠨ ᠪᠦᠳᠤᠭᠡᠨ ᠪᠠᠢᠭᠤᠯᠤᠯᠳᠠ ᠶᠢᠨ ᠪᠠᠢᠳᠠᠯ ᠵᠢᠴᠢ ᠰᠦᠯᠵᠢᠶᠠᠨ ᠲᠠᠭᠡᠷᠡᠬᠢ《ᠲᠦᠯᠤᠭᠡᠯᠡᠭᠴᠢ ᠶᠢᠨ ᠭᠡᠷ ᠪᠦᠯᠢ》᠋ ᠶᠢᠨ ᠲᠠᠪᠴᠠᠩ ᠤᠨ ᠪᠦᠳᠤᠭᠡᠨ ᠪᠠᠢᠭᠤᠯᠤᠯᠳᠠ ᠶᠢᠨ ᠪᠠᠢᠳᠠᠯ ᠢ ᠨᠠᠷᠢᠯᠢᠭ ᠤᠢᠯᠠᠭᠠᠬᠤ ᠶᠢᠨ ᠬᠠᠮᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠦᠰᠤᠪ ᠤᠨ ᠬᠢᠨᠠᠯᠳᠠ ᠪᠠ ᠲᠦᠰᠤᠪ ᠤᠨ ᠲᠤᠤᠷᠵᠢᠭᠤᠯᠤᠯᠳᠠ ᠶᠢᠨ ᠰᠢᠰᠲ᠋ᠸᠮ ᠤᠨ ᠪᠦᠳᠤᠭᠡᠨ ᠪᠠᠢᠭᠤᠯᠤᠯᠳᠠ ᠶᠢᠨ ᠲᠠᠯ᠎ᠠ ᠳᠤ ᠬᠦᠨᠵᠡᠭᠡᠢ ᠰᠤᠳᠤᠯᠤᠨ ᠰᠢᠨᠵᠢᠯᠡᠭᠡ ᠬᠢᠪᠡ᠃ 

ᠪᠠᠢᠴᠠᠭᠠᠬᠤ ᠲᠤᠭᠤᠢᠯᠠᠩ ᠡᠴᠨ ᠮᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠤᠯᠤᠭᠰᠨᠨ ᠠᠮᠵᠢᠯᠳᠠ ᠶᠢ ᠲᠠᠭᠡᠳᠤ ᠭᠡᠮᠵᠢᠶ᠎ᠠ ᠪᠡᠷ ᠮᠠᠭᠳᠠᠨ ᠦᠨᠡᠯᠡᠵᠤ᠂ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠦᠯᠤᠭᠡᠯᠡᠭᠴᠢ ᠶᠢᠨ ᠭᠡᠷ ᠪᠦᠯᠢ ᠶᠢᠨ ᠪᠦᠳᠤᠭᠡᠨ ᠪᠠᠢᠭᠤᠯᠤᠯᠳᠠ᠂ ᠲᠦᠯᠤᠭᠡᠯᠡᠭᠴᠢ ᠶᠢᠨ ᠰᠤᠷᠤᠯᠴᠠᠯᠭ᠎ᠠ  ᠪᠤᠯᠪᠠᠰᠤᠷᠠᠯ᠂ ᠬᠢᠨᠠᠯᠳᠠ ᠶᠢᠨ ᠪᠤᠳᠠᠳᠠᠢ ᠠᠮᠵᠢᠯᠳᠠ ᠶᠢ ᠨᠡᠮᠡᠭᠳᠡᠬᠦᠯᠬᠦ ᠪᠠ ᠪᠠᠢᠭᠤᠯᠭ᠎ᠠ ᠶᠢᠨ ᠪᠦᠳᠤᠭᠡᠨ ᠪᠠᠢᠭᠤᠯᠤᠯᠳᠠ ᠵᠡᠷᠭᠡ ᠤᠯᠠᠨ ᠲᠠᠯ᠎ᠠ ᠶᠢᠨ ᠲᠠᠷᠢᠬᠦᠨ ᠤ ᠲᠤᠷᠰᠢᠯᠭ᠎ᠠ ᠪᠤᠯᠤᠨ ᠬᠢᠳᠠᠯ ᠨᠢ ᠪᠢᠳᠠᠨ ᠤ ᠰᠤᠷᠤᠯᠴᠠᠭᠤᠰᠢᠭᠳᠠᠢ ᠲᠤᠯᠢ ᠪᠤᠯᠤᠨ᠎ᠡ᠃ ᠬᠤᠢᠰᠢᠳᠠ ᠬᠠᠷᠢᠯᠴᠠᠭ᠎ᠠ ᠰᠤᠯᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠲᠠᠪᠰᠢᠩᠭᠤᠢ ᠲᠤᠷᠰᠢᠯᠭ᠎ᠠ ᠶᠢ ᠰᠤᠷᠤᠯᠴᠠᠨ᠂ᠬᠤᠶᠠᠷ ᠭᠠᠵᠠᠷ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠯᠠᠪᠳᠠᠭᠤᠨ ᠪᠤᠳᠠᠳᠠᠢ ᠶᠠᠪᠤᠭᠳᠠᠬᠤ ᠶᠢ ᠬᠠᠮᠳᠤᠪᠠᠷ ᠲᠦᠯᠬᠢᠨ ᠠᠬᠢᠭᠤᠯᠤᠶ᠎ᠠ ᠭᠡᠵᠡᠢ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠪᠠᠢᠴᠠᠭᠠᠨ ᠰᠤᠳᠤᠯᠤᠯᠳᠠ ᠬᠢᠭᠰᠡᠡ ᠨᠢ
ᠳᠠᠷᠠᠭᠠᠬᠢ᠄ ᠪᠠᠷᠠᠭᠤᠨ ᠦᠵᠤᠮᠤᠴᠢᠨ ᠬᠤᠰᠢᠭᠤᠨ ᠤ ᠬᠤᠯᠠᠳᠤᠭᠤᠤᠯ ᠪᠠᠯᠭᠠᠰᠤᠨ ᠤ ᠠᠷᠠᠳ ᠤᠨ ᠲᠦᠯᠤᠭᠡᠯᠡᠭᠴᠢᠳ  ᠮᠠᠨ ᠤ ᠬᠤᠰᠢᠭᠤᠨ ᠳᠤ ᠢᠷᠡᠵᠤ ᠲᠤᠭᠤᠷᠢᠨ ᠪᠠᠢᠴᠠᠭᠠᠵᠤ ᠰᠤᠷᠤᠯᠴᠠᠭᠰᠨᠨ ᠨᠢ