ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠪᠠᠨ ᠰᠤᠯᠢᠯᠴᠠᠬᠤ ᠬᠤᠷᠠᠯ ᠬᠤᠷᠠᠯᠳᠤᠭᠤᠯᠤᠭᠰᠨᠨ ᠨᠢ
11 ᠰᠠᠷ᠎ᠠ ᠶᠢᠨ12᠋ ᠤ ᠡᠳᠤᠷ ᠤᠨ ᠦᠳᠡ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶᠠᠨ ᠤ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠡᠴᠨ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠪᠠᠢᠴᠠᠭᠠᠨ ᠰᠤᠳᠤᠯᠤᠯᠳᠠ ᠶᠢᠨ ᠦᠷᠠᠪᠦᠳᠤᠮᠵᠢ ᠪᠠᠨ ᠰᠤᠯᠢᠯᠴᠠᠬᠤ ᠬᠤᠷᠠᠯ ᠬᠤᠷᠠᠯᠳᠤᠭᠤᠯᠪᠠ᠃ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠨ ᠵᠢᠴᠢ ᠰᠠᠯᠠᠭᠠᠨ ᠲᠠᠰ ᠡᠴᠨ ᠲᠠᠭᠡᠭᠰᠢ ᠺᠠᠳ᠋ᠷ ᠨᠢᠭᠡᠪᠤᠷᠢ ᠡᠴᠨ ᠦᠪᠡᠷ ᠤᠨ ᠪᠠᠢᠴᠠᠭᠠᠨ ᠰᠤᠳᠤᠯᠤᠭᠰᠨᠨ ᠭᠤᠤᠯ ᠰᠡᠳᠤᠪ ᠤᠨ ᠲᠤᠭᠤᠷᠢᠨ ᠳᠤ᠂ ᠪᠠᠢᠴᠠᠭᠠᠨ ᠰᠤᠳᠤᠯᠬᠤ ᠶᠠᠪᠤᠴᠨ ᠳᠤ ᠢᠯᠡᠷᠡᠬᠦᠯᠦᠭᠰᠨᠨ ᠠᠰᠠᠭᠤᠳᠠᠯ ᠵᠢᠴᠢ ᠠᠷᠭᠠᠴᠠᠬᠤ ᠰᠠᠨᠠᠯ ᠶᠢᠠᠨ ᠶᠠᠷᠢᠯᠴᠠᠨ ᠰᠤᠯᠢᠯᠴᠠᠪᠠ᠃




ᠯᠢ ᠴᠸᠩ ᠬᠦᠸᠸ ᠵᠢᠭᠠᠵᠤ ᠭᠠᠷᠭᠠᠭᠰᠨᠨ ᠨᠢ᠂ ᠪᠠᠢᠴᠠᠭᠠᠨ ᠰᠤᠳᠤᠯᠤᠯᠳᠠ ᠶᠢᠨ ᠵᠤᠷᠢᠯᠳᠠ ᠪᠤᠯ ᠠᠰᠠᠭᠤᠳᠠᠯ ᠢ ᠡᠷᠢᠵᠤ ᠭᠠᠷᠭᠠᠠ ᠰᠢᠢᠳᠪᠤᠷᠢᠯᠡᠵᠤ᠂ᠲᠠᠬᠦᠨ ᠤ ᠵᠠᠩᠬᠢᠯᠠᠭ᠎ᠠ ᠨᠢ ᠠᠵᠢᠯ᠂ ᠦᠷ᠎ᠠ ᠪᠦᠳᠤᠮᠵᠢ ᠶᠢ ᠨᠠᠢᠳᠠᠪᠤᠷᠢᠵᠢᠭᠤᠯᠬᠤ ᠳᠤ ᠪᠤᠢ᠃ ᠨᠢᠭᠡ ᠳᠤ᠂ᠪᠠᠢᠴᠠᠭᠠᠨ ᠰᠤᠳᠤᠯᠤᠯᠳᠠ ᠲᠤᠮᠳᠠ ᠲᠤᠷᠠᠳᠤᠭᠰᠨᠨ ᠠᠷᠭᠠᠴᠠᠬᠤ ᠰᠠᠨᠠᠯ ᠳᠤ ᠴᠢᠭᠯᠡᠬᠦᠯᠤᠨ᠂ ᠨᠢᠭᠡᠨᠳᠠ ᠭᠠᠷᠳᠠᠨ ᠨᠠᠢᠳᠠᠪᠤᠷᠢᠵᠢᠭᠤᠯᠵᠤ ᠪᠠᠢᠭ᠎ᠠ ᠪᠠᠨ ᠦᠷᠬᠦᠯᠵᠢᠯᠡᠨ ᠬᠢᠵᠤ᠂ ᠲᠦᠯᠬᠢᠨ ᠠᠬᠢᠭᠤᠯᠬᠤ ᠠᠵᠢᠯ ᠲᠤᠮᠳᠠᠬᠢ ᠰᠢᠨ᠎ᠡ ᠪᠠᠢᠳᠠᠯ ᠰᠢᠨ᠎ᠠ ᠠᠰᠠᠭᠤᠳᠠᠯ ᠢ ᠴᠠᠭ ᠲᠤᠬᠠᠢ ᠳᠤ ᠰᠢᠢᠳᠪᠤᠷᠢᠯᠡᠨ᠂ ᠠᠵᠢᠯ ᠤᠨ ᠦᠷ᠎ᠠ ᠪᠦᠳᠤᠮᠵᠢ ᠶᠢ ᠪᠠᠳᠤᠯᠠᠬᠤ ᠭᠡᠷᠡᠭᠳᠡᠢ᠃ ᠬᠤᠶᠠᠷ ᠲᠤ᠂ ᠡᠯ᠎ᠠ ᠠᠵᠢᠯ ᠤᠨ ᠵᠦᠪᠯᠡᠯ ᠤᠨ ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢ ᠴᠤᠭᠯᠠᠭᠠᠨ ᠡᠮᠬᠢᠳᠭᠡᠬᠦ ᠶᠢ ᠠᠩᠬᠠᠷᠬᠤ ᠶᠢᠨ ᠬᠠᠮᠳᠤ᠂ᠪᠠᠢᠴᠠᠭᠠᠨ ᠰᠤᠳᠤᠯᠤᠯᠳᠠ ᠶᠢᠨ ᠦᠷ᠎ᠠ ᠪᠦᠳᠤᠮᠵᠢ ᠶᠢᠨ ᠬᠤᠪᠢᠷᠠᠯᠳᠠ ᠶᠢ ᠨᠠᠢᠳᠠᠪᠤᠷᠢᠵᠢᠭᠤᠯᠬᠤ ᠶᠢ ᠱᠠᠭᠠᠷᠳᠠᠵᠤ᠂ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠴᠢᠨᠠᠷ ᠪᠠ ᠬᠢᠷᠢ ᠲᠦᠪᠰᠢᠨ ᠢ ᠲᠠᠰᠤᠷᠠᠯᠳᠠ ᠦᠭᠡᠢ ᠲᠠᠭᠡᠭᠰᠢᠯᠡᠬᠦᠯᠬᠦ ᠭᠡᠷᠡᠭᠳᠡᠢ ᠭᠡᠵᠡᠢ᠃

ᠬᠤᠰᠢᠭᠤᠨ ᠤ ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠢ ᠬᠤᠷᠠᠯ ᠳᠤ ᠤᠷᠤᠯᠴᠠᠬᠤ ᠶᠢᠨ ᠬᠠᠮᠳᠤ ᠵᠢᠭᠠᠵᠤ ᠭᠠᠷᠭᠠᠭᠰᠨᠨ ᠨᠢ᠂ ᠲᠤᠰ ᠤᠳᠠᠭᠠᠨ ᠤ ᠪᠠᠢᠴᠠᠭᠠᠨ ᠰᠤᠳᠤᠯᠤᠯᠳᠠ ᠲᠤᠮᠳᠠ᠂ ᠠᠰᠠᠭᠤᠳᠠᠯ ᠶᠢᠠᠨ ᠨᠡᠯᠢᠶᠡᠳ ᠤᠨᠤᠪᠴᠢᠳᠠᠢ ᠡᠷᠢᠨ᠂ ᠠᠰᠠᠭᠤᠳᠠᠯ ᠤᠨ ᠰᠤᠷᠪᠤᠯᠵᠢ ᠶᠢ ᠨᠡᠯᠢᠶᠡᠳ ᠬᠦᠨ ᠤᠬᠠᠵᠤ᠂ ᠪᠠᠢᠳᠠᠯ ᠢ ᠤᠢᠯᠠᠭᠠᠭᠰᠨᠨ ᠨᠢ ᠨᠡᠯᠢᠶᠡᠳ ᠲᠤᠳᠤᠷᠬᠠᠢ᠂ ᠲᠤᠷᠠᠳᠤᠨ ᠭᠠᠷᠭᠠᠭᠰᠨᠨ ᠠᠵᠢᠯ ᠤᠨ ᠰᠡᠳᠬᠢᠴᠨ᠂ ᠠᠷᠭᠠᠴᠠᠬᠤ ᠰᠠᠨᠠᠯ ᠨᠡᠯᠢᠶᠡᠳ ᠴᠢᠩᠭ᠎ᠠ ᠬᠠᠨᠳᠤᠯᠭᠠᠳᠤ ᠴᠢᠨᠠᠷ ᠪᠠ ᠵᠢᠯᠤᠭᠤᠳᠤᠰᠢᠭᠤᠳᠤ ᠴᠢᠨᠠᠷ ᠲᠠᠢ ᠪᠠᠢᠵᠤ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠬᠦᠭᠵᠢᠯᠳᠠ ᠶᠢ ᠲᠦᠯᠬᠢᠨ ᠠᠬᠢᠭᠤᠯᠬᠤ ᠪᠠ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠦᠨᠵᠡᠭᠡᠢ ᠦᠷᠨᠢᠬᠦᠯᠬᠦ ᠳᠤ ᠲᠦᠯᠬᠢᠴᠨ ᠤᠢᠯᠡᠳᠤᠯ ᠦᠵᠡᠬᠦᠯᠦᠭᠰᠨᠨ ᠪᠠᠢᠨ᠎ᠡ ᠭᠡᠵᠡᠢ᠃