ᠪᠠᠷᠠᠭᠤᠨ ᠦᠵᠤᠮᠤᠴᠢᠨ ᠬᠤᠰᠢᠭᠤᠨ ᠤ ᠬᠤᠯᠠᠳᠤᠭᠤᠤᠯ ᠪᠠᠯᠭᠠᠰᠤᠨ ᠤ ᠠᠷᠠᠳ ᠤᠨ ᠲᠦᠯᠤᠭᠡᠯᠡᠭᠴᠢᠳ ᠮᠠᠨ ᠤ ᠬᠤᠰᠢᠭᠤᠨ ᠳᠤ ᠢᠷᠡᠵᠤ ᠲᠤᠭᠤᠷᠢᠨ ᠪᠠᠢᠴᠠᠭᠠᠵᠤ ᠰᠤᠷᠤᠯᠴᠠᠭᠰᠨᠨ ᠨᠢ
11 ᠰᠠᠷ᠎ᠠ ᠶᠢᠨ13᠋ ᠤ ᠡᠳᠤᠷ᠂ ᠰᠢᠯᠢᠩᠭᠤᠤᠯ ᠠᠢᠮᠠᠭ ᠤᠨ ᠪᠠᠷᠠᠭᠤᠨ ᠦᠵᠤᠮᠤᠴᠢᠨ ᠬᠤᠰᠢᠭᠤᠨ ᠤ ᠬᠤᠯᠠᠳᠤᠭᠤᠤᠯ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠲᠠᠷᠢᠬᠦᠯᠡᠭᠴᠢᠳ ᠤᠨ ᠪᠦᠯᠬᠦᠮ ᠤᠨ ᠲᠠᠷᠢᠬᠦᠯᠡᠭᠴᠢ ᠪᠦᠭᠡᠴᠢᠯᠠᠭᠤ ᠡᠴᠨ ᠨᠢᠭᠡ ᠪᠦᠯᠤᠭ᠌ ᠠᠷᠠᠳ ᠤᠨ ᠲᠦᠯᠤᠭᠡᠯᠡᠭᠴᠢᠳ ᠢ ᠲᠠᠭᠠᠭᠤᠯᠤᠨ ᠮᠠᠨ ᠤ ᠬᠤᠰᠢᠭᠤᠨ ᠳᠤ ᠢᠷᠡᠵᠤ᠂ ᠠᠷᠠᠳ ᠤᠨ ᠲᠦᠯᠤᠭᠡᠯᠡᠭᠴᠢᠳ ᠤᠨ ᠬᠠᠮᠢᠶ᠎ᠠ ᠪᠦᠬᠦᠢ ᠠᠵᠢᠯ ᠢ ᠲᠤᠭᠤᠷᠢᠨ ᠪᠠᠢᠴᠠᠭᠠᠵᠤ ᠰᠤᠷᠤᠯᠴᠠᠪᠠ᠃ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠲᠠᠳ᠋ ᠡᠷᠬᠢᠯᠡᠭᠴᠢ ᠦᠷᠡᠪᠠᠳᠤ ᠵᠢᠴᠢ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠬᠠᠮᠢᠶ᠎ᠠ ᠪᠦᠬᠦᠢ ᠵᠦᠪᠯᠡᠯ᠂ ᠠᠯᠪᠠᠨ ᠭᠡᠷ ᠤᠨ ᠬᠠᠷᠢᠭᠤᠴᠠᠯᠭᠠᠳᠠᠨ ᠪᠠᠷ᠎ᠠ ᠪᠤᠯᠤᠨ ᠲᠤᠭᠤᠷᠢᠨ ᠪᠠᠢᠴᠠᠭᠠᠭᠰᠨᠨ ᠪᠠᠢᠨ᠎ᠡ᠃




ᠲᠤᠭᠤᠷᠢᠨ ᠪᠠᠢᠴᠠᠭᠠᠬᠤ ᠪᠦᠯᠬᠦᠮ ᠤᠷᠢᠳ ᠬᠤᠵᠢᠳ ᠪᠠᠶᠠᠨᠳᠠᠯ᠎ᠠ ᠰᠤᠮᠤ ᠶᠢᠨ ᠵᠡᠬᠦᠨ ᠰᠠᠯᠠᠭ᠎ᠠ ᠭᠠᠴᠠᠭ᠎ᠠ᠂ ᠰᠢᠶᠠᠩᠱᠠᠨ ᠪᠠᠯᠭᠠᠰᠤ᠂ ᠯᠦᠪᠸᠢ ᠶᠢᠨ ᠠᠵᠤ ᠤᠢᠯᠡᠳᠪᠤᠷᠢ ᠶᠢᠨ ᠲᠤᠭᠤᠷᠢᠭ ᠵᠡᠷᠭᠡ ᠭᠠᠵᠠᠷ ᠲᠤ ᠬᠦᠷᠴᠤ᠂ ᠮᠠᠯᠴᠢᠨ ᠠᠢᠯ ᠦᠭᠡᠷ ᠲᠠᠵᠢᠭᠡᠬᠦ ᠲᠤᠰᠬᠠᠢ ᠬᠤᠷᠰᠢᠶᠠᠵᠢᠯ᠂《ᠲᠦᠯᠤᠭᠡᠯᠡᠭᠴᠢ ᠶᠢᠨ ᠭᠡᠷ ᠪᠦᠯᠢ》᠂ ᠨᠠᠮ ᠤᠯᠨᠨ ᠲᠦᠮᠡᠨ ᠤ ᠤᠢᠯᠡᠴᠢᠯᠡᠭᠡᠨ ᠤ ᠲᠦᠪ᠂ ᠮᠠᠯᠴᠢᠨ ᠠᠢᠯ ᠢᠳᠡᠭᠡᠨ ᠪᠤᠯᠪᠠᠰᠤᠷᠠᠭᠤᠯᠬᠤ ᠰᠠᠭᠤᠷᠢᠨ ᠭᠠᠵᠠᠷ ᠪᠠ ᠦᠭᠡᠷ ᠤᠨ ᠮᠢᠬᠠᠨ ᠤ ᠨᠠᠷᠡᠳᠤ ᠲᠠᠮᠳᠡᠭ᠌ ᠤᠨ ᠰᠢᠭᠤᠤᠨ ᠡᠵᠡᠩᠨᠡᠯᠳᠠ ᠶᠢᠨ ᠲᠠᠯᠭᠡᠬᠦᠷ ᠶᠢᠠᠷ ᠲᠤᠭᠤᠷᠢᠨ ᠪᠠᠢᠴᠠᠭᠠᠬᠤ ᠶᠢᠨ ᠬᠠᠮᠳᠤ᠂ ᠲᠤᠰᠬᠠᠢ ᠰᠡᠳᠤᠪᠳᠤ ᠹᠢᠯᠢᠮ ᠦᠵᠡᠬᠦ᠂ ᠠᠵᠢᠯ ᠤᠨ ᠮᠡᠳᠡᠬᠦᠯᠤᠯᠳᠠ ᠰᠤᠨᠤᠰᠬᠤ᠂ ᠪᠤᠳᠠᠳᠠᠢ ᠭᠠᠵᠠᠷ ᠶᠢᠠᠷ ᠶᠠᠪᠤᠵᠤ ᠠᠰᠠᠭᠤᠨ ᠯᠠᠪᠯᠠᠵᠤ ᠪᠠᠢᠴᠠᠭᠠᠨ ᠦᠵᠡᠬᠦ ᠵᠡᠷᠭᠡ ᠭᠡᠯᠪᠡᠷᠢ ᠪᠡᠷ ᠮᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢ ᠶᠢᠨ ᠤᠢᠯᠡᠳᠤᠯ ᠶᠢᠠᠨ ᠪᠠᠳᠠᠷᠠᠭᠤᠯᠵᠤ ᠪᠠᠢᠭ᠎ᠠ ᠵᠢᠱᠢᠶᠡᠴᠢ ᠬᠢᠳᠠᠯ ᠠᠷᠭ᠎ᠠ᠂《ᠰᠢ ᠵᠢᠨ ᠫᠢᠩ ᠶᠡᠷᠤᠩᠭᠡᠢ ᠱᠦᠵᠢ ᠶᠢᠨ ᠴᠢᠬᠤᠯᠨ ᠶᠠᠷᠢᠶᠠᠨ ᠤ ᠵᠤᠷᠢᠭ ᠰᠠᠨᠠᠭ᠎ᠠ》᠂ ᠬᠤᠷᠰᠢᠶᠠᠵᠢᠯᠳᠠ ᠶᠢᠨ ᠡᠵᠡᠩᠨᠡᠯᠳᠠ ᠬᠠᠮᠢᠶᠠᠷᠤᠯᠳᠠ ᠪᠠ ᠠᠵᠤ ᠤᠢᠯᠡᠰ ᠤᠨ ᠪᠦᠳᠤᠴᠨ ᠶᠢᠨ ᠲᠤᠬᠢᠷᠠᠭᠤᠯᠤᠯᠳᠠ᠂《ᠠᠷᠠᠳ ᠤᠨ ᠲᠦᠯᠤᠭᠡᠯᠡᠭᠴᠢ ᠶᠢᠨ ᠭᠡᠷ ᠪᠦᠯᠢ》᠋ ᠶᠢᠨ ᠪᠦᠳᠤᠭᠡᠨ ᠪᠠᠢᠭᠤᠯᠤᠯᠳᠠ᠂ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠵᠡᠷᠭᠡ ᠲᠠᠯ᠎ᠠ ᠶᠢᠨ ᠠᠵᠢᠯ ᠦᠷᠨᠢᠬᠦᠯᠦᠭᠰᠨᠨ ᠪᠠᠢᠳᠠᠯ ᠪᠤᠯᠤᠨ ᠲᠠᠷᠢᠬᠦᠨ ᠤ ᠨᠡᠢᠳᠡᠯᠢᠭ᠌ ᠵᠢᠱᠢᠶᠡᠴᠢ ᠲᠤᠷᠰᠢᠯᠭ᠎ᠠ ᠶᠢ ᠨᠠᠷᠢᠯᠢᠭ ᠤᠢᠯᠠᠭᠠᠭᠰᠨᠨ ᠪᠠᠢᠨ᠎ᠡ᠃

ᠲᠤᠭᠤᠷᠢᠨ ᠪᠠᠢᠴᠠᠭᠠᠬᠤ ᠪᠦᠯᠬᠦᠮ ᠡᠴᠨ ᠮᠠᠨ ᠤ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠪᠤᠯᠤᠨ ᠬᠠᠮᠢᠶ᠎ᠠ ᠪᠦᠬᠦᠢ ᠠᠵᠢᠯ ᠤᠨ ᠠᠮᠵᠢᠯᠳᠠ ᠳᠤ ᠦᠨᠳᠤᠷ ᠦᠨᠡᠯᠡᠯᠳᠠ ᠦᠭᠴᠤ᠂ ᠲᠤᠰ ᠤᠳᠠᠭᠠᠨ ᠤ ᠲᠤᠭᠤᠷᠢᠨ ᠪᠠᠢᠴᠠᠭᠠᠵᠤ ᠰᠤᠷᠤᠯᠴᠠᠬᠤ ᠲᠤᠬᠢᠶᠠᠯ ᠶᠢᠠᠷ ᠰᠠᠢᠨ ᠲᠤᠷᠰᠢᠯᠭ᠎ᠠ ᠰᠠᠢᠨ ᠬᠢᠳᠠᠯ ᠠᠷᠭ᠎ᠠ ᠶᠢ ᠢᠳᠡᠪᠬᠢᠳᠠᠢ ᠰᠤᠷᠤᠯᠴᠠᠵᠤ᠂ᠪᠤᠳᠠᠳᠠᠢ ᠲᠠᠢ ᠤᠶᠠᠯᠳᠤᠭᠤᠯᠤᠨ᠂ ᠵᠤᠭᠰᠤᠴᠨ ᠪᠠᠨ ᠲᠠᠭᠡᠭᠰᠢᠯᠡᠬᠦᠯᠵᠤ᠂ ᠬᠦᠴᠤᠯᠡᠴᠨ ᠪᠠᠨ ᠨᠡᠮᠡᠭᠳᠡᠬᠦᠯᠤᠨ᠂ᠲᠤᠰ ᠭᠠᠵᠠᠷ ᠤᠷᠤᠨ ᠳᠠᠭᠠᠨ ᠲᠤᠬᠢᠷᠠᠭᠰᠨᠨ ᠬᠦᠭᠵᠢᠯᠳᠠ ᠶᠢᠨ ᠰᠡᠳᠬᠢᠴᠨ ᠶᠢ ᠰᠦᠪᠡᠭᠴᠢᠯᠡᠬᠦ ᠶᠢᠨ ᠬᠠᠮᠳᠤ᠂ ᠬᠠᠷᠢᠴᠠᠭ᠎ᠠ ᠪᠠᠨ ᠤᠯᠠᠮ ᠨᠢᠭᠡ ᠠᠯᠬᠤᠮ ᠨᠢᠭᠳᠠᠷᠠᠭᠤᠯᠵᠤ᠂ ᠬᠠᠷᠢᠯᠴᠠᠭ᠎ᠠ ᠪᠠᠨ ᠴᠢᠩᠭᠠᠳᠬᠠᠨ᠂ ᠰᠤᠯᠢᠯᠴᠠᠭ᠎ᠠ ᠬᠠᠮᠵᠢᠯᠴᠠᠭ᠎ᠠ ᠪᠠᠨ ᠬᠦᠨᠵᠡᠭᠡᠢᠷᠡᠬᠦᠯᠵᠤ᠂ ᠬᠠᠮᠳᠤ ᠶᠢᠨ ᠬᠦᠭᠵᠢᠯᠳᠠ ᠶᠢ ᠲᠦᠯᠬᠢᠨ ᠠᠬᠢᠭᠤᠯᠤᠨ᠎ᠡ ᠭᠡᠵᠤ ᠢᠯᠡᠷᠭᠡᠢᠯᠡᠵᠡᠭᠡᠪᠡ᠃