ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠡᠷᠬᠢᠯᠡᠭᠴᠢ ᠪᠠᠶᠠᠨᠰᠠᠩ ᠦᠨᠳᠤᠰᠤᠨ ᠱᠠᠳᠤᠨ ᠳᠤ ᠬᠦᠨᠵᠡᠭᠡᠢᠷᠡᠨ ᠪᠠᠢᠴᠠᠭᠠᠨ ᠰᠤᠳᠤᠯᠤᠯᠳᠠ ᠬᠢᠭᠰᠡᠡ ᠨᠢ
11 ᠰᠠᠷ᠎ᠠ ᠶᠢᠨ15᠋ ᠤ ᠡᠳᠤᠷ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠨᠠᠷ ᠵᠢᠷᠤᠭᠡ ᠪᠠᠯᠭᠠᠰᠤ ᠪᠤᠯᠤᠨ ᠭᠡᠷᠴᠢᠯᠠᠭᠤ ᠰᠤᠮᠤ ᠳᠤ ᠬᠦᠨᠵᠡᠭᠡᠢᠷᠡᠨ᠂ ᠰᠤᠮᠤ ᠪᠠᠯᠭᠠᠰᠤ ᠶᠢᠨ ᠠᠷᠠᠳ ᠤᠨ ᠲᠦᠯᠤᠭᠡᠯᠡᠭᠴᠢ ᠶᠢᠨ ᠠᠵᠢᠯ ᠵᠢᠴᠢ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ᠂ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ᠂ᠬᠦᠳᠡᠭᠡ ᠲᠤᠰᠬᠤᠨ ᠤ ᠰᠡᠷᠬᠦᠨ ᠮᠠᠨᠳᠤᠯᠳᠠ᠂ ᠤᠳᠤ ᠦᠶ᠎ᠠ ᠶᠢᠨ ᠮᠠᠯ ᠠᠵᠤ ᠠᠬᠤᠢ ᠵᠡᠷᠭᠡ ᠶᠢᠨ ᠠᠵᠢᠯ ᠦᠷᠨᠢᠬᠦᠯᠦᠭᠰᠨᠨ ᠪᠠᠢᠳᠠᠯ ᠳᠤ ᠪᠠᠢᠴᠠᠭᠠᠨ ᠰᠤᠳᠤᠯᠤᠯᠳᠠ ᠬᠢᠪᠡ᠃

ᠵᠢᠷᠤᠭᠡ ᠪᠠᠯᠭᠠᠰᠤᠨ ᠳᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠬᠠᠷᠢᠭᠤᠴᠠᠯᠭᠠᠳᠠᠨ ᠤ ᠠᠵᠢᠯ ᠤᠨ ᠮᠡᠳᠡᠬᠦᠯᠤᠯᠳᠠ ᠰᠤᠨᠤᠰᠬᠤ ᠶᠢᠨ ᠬᠠᠮᠳᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠭᠤᠤᠯ ᠬᠢᠳᠠᠯ ᠠᠷᠭ᠎ᠠ᠂ ᠤᠷᠤᠰᠢᠵᠤ ᠪᠠᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠵᠢᠯ ᠦᠷᠨᠢᠬᠦᠯᠬᠦ ᠪᠠᠢᠳᠠᠯ ᠢ ᠨᠠᠷᠢᠯᠢᠭ ᠤᠢᠯᠠᠭᠠᠪᠠ᠃

ᠭᠡᠷᠴᠢᠯᠠᠭᠤ ᠰᠤᠮᠤ ᠶᠢᠨ ᠮᠠᠩᠬᠠᠳᠤ ᠭᠠᠴᠠᠭ᠎ᠠ ᠪᠠ ᠪᠠᠶᠠᠨᠪᠤᠯᠠᠭ ᠭᠠᠴᠠᠭ᠎ᠠ ᠶᠢᠨ ᠪᠤᠳᠠᠳᠠᠢ ᠭᠠᠵᠠᠷ ᠲᠤ᠂ ᠠᠷᠠᠳ ᠤᠨ ᠲᠦᠯᠤᠭᠡᠯᠡᠭᠴᠢᠳ ᠤᠨ ᠵᠢᠱᠢᠶ᠎ᠠ ᠦᠵᠡᠬᠦᠯᠬᠦ ᠡᠷᠤᠭᠡ ᠶᠢᠨ ᠲᠦᠯᠤᠭᠡᠯᠡᠭᠴᠢ ᠶᠢᠨ ᠤᠢᠯᠡᠳᠤᠯ ᠤᠨ ᠨᠡᠢᠳᠡᠯᠢᠭ᠌ ᠴᠢᠨᠠᠷᠳᠠᠢ ᠬᠢᠳᠠᠯ ᠠᠷᠭ᠎ᠠ ᠪᠠ ᠤᠳᠤ ᠦᠶ᠎ᠠ ᠶᠢᠨ ᠮᠠᠯᠠᠵᠤ ᠠᠬᠤᠢ ᠶᠢᠨ ᠬᠦᠭᠵᠢᠯᠳᠠ ᠶᠢᠨ ᠪᠠᠢᠳᠠᠯ ᠢ ᠪᠠᠢᠴᠠᠭᠠᠨ ᠦᠵᠡᠬᠦ ᠶᠢᠨ ᠬᠠᠮᠳᠤ᠂ ᠤᠳᠤᠬᠢ ᠬᠦᠳᠡᠭᠡ ᠲᠤᠰᠬᠤᠨ ᠤ ᠰᠡᠷᠬᠦᠨ ᠮᠠᠨᠳᠤᠯᠳᠠ᠂ ᠶᠠᠳᠠᠭᠤ ᠡᠴᠨ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠦᠷᠨᠢᠬᠦᠯᠦᠭᠰᠨᠨ ᠪᠠᠢᠳᠠᠯ ᠳᠤ ᠬᠠᠮᠳᠤᠪᠠᠷ ᠶᠠᠷᠢᠯᠴᠠᠨ ᠬᠠᠢᠨ ᠰᠤᠳᠤᠯᠵᠤ᠂ ᠵᠢᠯᠤᠭᠤᠳᠬᠤ ᠰᠠᠨᠠᠯ ᠲᠤᠷᠠᠳᠤᠭᠰᠨᠨ ᠪᠠᠢᠨ᠎ᠠ᠃

ᠪᠠᠢᠴᠠᠭᠠᠨ ᠰᠤᠳᠤᠯᠤᠯᠳᠠ ᠲᠤᠮᠳᠠ᠂ ᠪᠠᠶᠠᠨᠰᠠᠩ ᠵᠢᠭᠠᠵᠤ ᠭᠠᠷᠭᠠᠭᠰᠨᠨ ᠨᠢ᠂ᠦᠨᠳᠤᠰᠤᠨ ᠱᠠᠳᠤᠨ ᠤ ᠠᠷᠠᠳ ᠤᠨ ᠲᠦᠯᠤᠭᠡᠯᠡᠭᠴᠢ ᠡᠴᠨ ᠶᠡᠭᠡ ᠬᠤᠷᠠᠯ ᠲᠠᠭᠤᠰᠤᠭᠰᠠᠨ ᠬᠤᠭᠤᠴᠠᠭᠠᠨ ᠳᠤ ᠬᠠᠤᠯᠢ ᠶᠤᠰᠤᠭᠠᠷ ᠲᠤᠰᠢᠶᠠᠯ ᠶᠢᠠᠨ ᠬᠦᠢᠴᠡᠳᠭᠡᠬᠦ ᠭᠡᠷᠡᠭᠳᠡᠢ᠂ ᠡᠨᠡ ᠪᠤᠯ ᠲᠦᠯᠤᠭᠡᠯᠡᠭᠴᠢ ᠶᠢᠨ ᠠᠵᠢᠯ ᠤᠨ ᠰᠠᠭᠤᠷᠢ ᠪᠠ ᠦᠷᠬᠦᠯᠵᠢᠯᠡᠯ ᠪᠤᠯᠤᠨ᠎ᠡ ᠭᠡᠵᠡᠢ᠃
ᠪᠠᠶᠠᠨᠰᠠᠩ ᠱᠠᠭᠠᠷᠳᠠᠭᠰᠨᠨ ᠨᠢ᠂ ᠰᠤᠮᠤ ᠪᠠᠯᠭᠠᠰᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠡᠴᠨ ᠲᠦᠯᠤᠭᠡᠯᠡᠭᠴᠢ ᠪᠡᠷ ᠭᠤᠤᠯ ᠪᠤᠯᠭᠠᠬᠤ ᠠᠵᠢᠯ ᠤᠨ ᠤᠳᠤᠷᠢᠳᠤᠮᠵᠢ ᠶᠢ ᠪᠤᠢ ᠪᠤᠯᠭᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠦᠬᠦᠢᠯᠨ ᠠᠵᠢᠯ ᠤᠨ ᠬᠢᠷᠢ ᠲᠦᠪᠰᠢᠨ ᠢ ᠲᠠᠭᠡᠭᠰᠢᠯᠡᠬᠦᠯᠤᠨ᠂ ᠠᠷᠠᠳ ᠤᠨ ᠲᠦᠯᠤᠭᠡᠯᠡᠭᠴᠢ ᠶᠢᠨ ᠲᠤᠰᠢᠶᠠᠯ ᠶᠢᠠᠨ ᠬᠦᠢᠴᠡᠳᠭᠡᠬᠦ ᠳᠤ ᠤᠢᠯᠡᠴᠢᠯᠡᠬᠦ ᠠᠷᠭ᠎ᠠ ᠭᠡᠯᠪᠡᠷᠢ ᠶᠢᠨ ᠰᠢᠨ᠎ᠡ ᠶᠢ ᠡᠬᠦᠳᠴᠤ᠂ ᠭᠤᠤᠯ ᠰᠡᠳᠤᠪᠳᠤ ᠬᠢᠨᠠᠯᠳᠠ ᠶᠢᠨ ᠬᠦᠳᠡᠯᠭᠡᠭᠡᠨ ᠳᠤ ᠲᠦᠰᠢᠭᠯᠡᠨ᠂《ᠲᠦᠯᠤᠭᠡᠯᠡᠭᠴᠢ ᠶᠢᠨ ᠭᠡᠷ ᠪᠦᠯᠢ》᠋ ᠶᠢ ᠰᠠᠢᠳᠤᠷ ᠪᠠᠢᠭᠤᠯᠤᠨ᠂《ᠲᠦᠯᠤᠭᠡᠯᠡᠭᠴᠢ ᠶᠢᠨ ᠭᠡᠷ ᠪᠦᠯᠢ》᠋ ᠶᠢᠨ ᠪᠦᠬᠦᠢᠯᠨ ᠴᠤᠭᠴᠠᠳᠤ ᠤᠢᠯᠡᠳᠤᠯ ᠪᠤᠯᠤᠨ ᠴᠢᠳᠠᠪᠤᠷᠢ ᠶᠢ ᠰᠠᠢᠳᠤᠷ ᠪᠠᠳᠠᠷᠠᠭᠤᠯᠬᠤ ᠭᠡᠷᠡᠭᠳᠡᠢ᠃ ᠬᠠᠮᠳᠤ ᠳᠤᠨᠢ᠂ ᠦᠷᠭᠡᠨ ᠤᠯᠨᠨ ᠠᠷᠠᠳ ᠤᠨ ᠲᠦᠯᠤᠭᠡᠯᠡᠭᠴᠢ ᠶᠢ ᠵᠤᠬᠢᠶᠠᠨ ᠪᠠᠢᠭᠤᠯᠵᠤ᠂ ᠲᠦᠯᠤᠭᠡᠯᠡᠭᠴᠢ ᠶᠢᠨ ᠬᠠᠤᠯᠢ᠂ ᠵᠤᠬᠢᠶᠠᠨ ᠪᠠᠢᠭᠤᠯᠤᠯᠳᠠ ᠶᠢᠨ ᠬᠠᠤᠯᠢ ᠵᠡᠷᠭᠡ ᠬᠠᠤᠯᠢ ᠴᠠᠭᠠᠵᠨ ᠬᠠᠤᠯᠢ ᠲᠦᠷᠢᠮ ᠢ ᠨᠠᠷᠢᠨ ᠬᠢᠨᠠᠮᠠᠭᠠᠢ ᠰᠤᠷᠤᠯᠴᠠᠨ᠂ ᠦᠪᠡᠷ ᠤᠨ ᠪᠠᠶ᠎ᠠ ᠶᠢᠨ ᠤᠤᠷ ᠴᠢᠨᠠᠷ ᠶᠢᠠᠨ ᠲᠠᠭᠡᠭᠰᠢᠯᠡᠬᠦᠯᠵᠤ᠂ ᠬᠠᠤᠯᠢ ᠲᠦᠷᠢᠮᠳᠤ ᠵᠠᠷᠤᠤᠨ ᠤᠨ ᠠᠬᠢᠴᠨ ᠶᠢ ᠬᠠᠮᠳᠤᠪᠡᠷ ᠲᠦᠯᠬᠢᠵᠤ ᠠᠬᠢᠭᠤᠯᠤᠨ᠂ ᠪᠦᠬᠦ ᠬᠤᠰᠢᠭᠤᠨ ᠤ ᠠᠵᠤ ᠠᠬᠤᠢ ᠨᠡᠢᠭᠡᠮ ᠤᠨ ᠡᠯ᠎ᠠ ᠠᠵᠢᠯ ᠤᠢᠯᠡᠰ ᠤᠨ ᠬᠦᠭᠵᠢᠯᠳᠠ ᠳᠤ ᠰᠢᠨ᠎ᠡ᠂ ᠨᠡᠩ ᠶᠡᠭᠡ ᠬᠤᠪᠢ ᠨᠡᠮᠡᠷᠢ ᠦᠵᠡᠬᠦᠯᠬᠦ ᠭᠡᠷᠡᠭᠳᠡᠢ ᠭᠡᠵᠡᠢ᠃