ᠤᠳᠤ ᠶᠢᠨ ᠪᠠᠢ᠌ᠷᠢ᠄ ᠴᠢᠬᠤᠯᠠ ᠮᠡᠳᠡᠭᠡ → ᠪᠦᠬᠦ ᠬᠤᠳᠠ ᠶᠢᠨ ᠠᠷᠠᠳ ᠤᠨ ᠠᠮᠢᠳᠤᠷᠠᠯ ᠤᠨ᠁
ᠪᠦᠬᠦ ᠬᠤᠳᠠ ᠶᠢᠨ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠲᠦᠷᠢᠮ ᠤᠨ ᠲᠤᠷᠰᠢᠯᠳᠠ ᠶᠢᠨ ᠴᠡᠭ ᠤᠨ ᠠᠵᠢᠯ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠭᠰᠨᠨ ᠨᠢ


11ᠰᠠᠷ᠎ᠠ ᠶᠢᠨ28᠋ ᠤ ᠡᠳᠤᠷ ᠡᠴᠨ29᠋ ᠤ ᠡᠳᠤᠷ᠂ ᠪᠦᠬᠦ ᠬᠤᠳᠠ ᠶᠢᠨ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠲᠦᠷᠢᠮ ᠤᠨ ᠲᠤᠷᠰᠢᠯᠳᠠ ᠶᠢᠨ ᠴᠡᠭ ᠤᠨ ᠠᠵᠢᠯ ᠤᠨ ᠠᠬᠤᠢ ᠲᠠᠯᠠᠪᠠᠢ ᠶᠢᠨ ᠬᠤᠷᠠᠯ ᠬᠤᠷᠠᠯᠳᠤᠪᠠ᠃ᠬᠤᠳᠠ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢᠶᠠᠩ ᡁᠢ ᠶᠤᠸᠠᠨ᠂ ᠲᠠᠳ᠋ ᠡᠷᠬᠢᠯᠡᠭᠴᠢ ᠼᠦᠢ ᠶᠢᠩ ᠶᠦᠸᠸ᠂ ᠨᠠᠷᠢᠨ ᠪᠢᠴᠢᠭ᠌ ᠤᠨ ᠲᠠᠷᠤᠭ᠎ᠠ ᠸᠠᠩ ᠯᠢ ᠡᠾᠸᠩ᠂ ᠰᠤᠩᠭᠤᠭᠤᠯᠢ ᠶᠢᠨ ᠶᠠᠪᠤᠳᠠᠯ ᠲᠦᠯᠤᠭᠡᠯᠡᠭᠴᠢᠳ ᠤᠨ ᠬᠠᠷᠢᠯᠴᠠᠬᠤ ᠠᠵᠢᠯ ᠤᠨ ᠵᠦᠪᠯᠡᠯ ᠤᠨ ᠡᠷᠬᠢᠯᠡᠭᠴᠢ ᠡᠾᠸ ᠢᠤᠢ ᠯᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠰᠢᠭᠤᠨ ᠲᠠᠷᠤᠭ᠎ᠠ ᠡᠷᠳᠡᠨᠢᠬᠦᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠶᠠᠨᠰᠠᠩ ᠠᠬᠤᠢ ᠲᠠᠯᠠᠪᠠᠢ ᠶᠢᠨ ᠬᠤᠷᠠᠯ ᠳᠤ ᠰᠠᠭᠠᠳᠠᠵᠤ᠂ ᠡᠯ᠎ᠠ ᠬᠤᠰᠢᠭᠤ ᠰᠢᠶᠠᠨ ᠬᠤᠳᠠ ᠲᠤᠭᠤᠷᠢᠭ ᠤᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃




ᠬᠤᠷᠠᠯ ᠳᠤ ᠤᠷᠤᠯᠴᠠᠭᠰᠠᠳ《ᠵᠠᠷᠤᠤᠨ ᠬᠤᠰᠢᠭᠤ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢᠳ ᠪᠢᠯᠸᠲ ᠦᠭᠴᠤ ᠪᠠᠳᠤᠯᠠᠬᠤ ᠲᠦᠷᠢᠮ ᠤᠨ ᠲᠤᠷᠰᠢᠯᠳᠠ ᠶᠢᠨ ᠴᠡᠭ ᠤᠨ ᠠᠵᠢᠯ ᠢ ᠲᠦᠯᠬᠢᠨ ᠠᠬᠢᠭᠤᠯᠤᠭᠰᠨᠨ ᠪᠤᠳᠠᠳᠤ ᠲᠠᠮᠳᠡᠭᠯᠡᠯ》ᠭᠡᠬᠦ ᠲᠤᠰᠬᠠᠢ ᠰᠡᠳᠤᠪᠳᠤ ᠹᠢᠯᠢᠮ ᠦᠵᠡᠬᠦ ᠶᠢᠨ ᠬᠠᠮᠳᠤ᠂ ᠤᠷᠢᠳ ᠬᠤᠵᠢᠳ ᠵᠠᠷᠤᠤᠨ ᠬᠤᠰᠢᠭᠤᠨ ᠤ ᠠᠵᠢᠯ ᠮᠡᠷᠭᠡᠵᠢᠯ ᠤᠨ ᠰᠤᠷᠭᠠᠨ ᠬᠦᠮᠤᠵᠢᠯ ᠤᠨ ᠲᠦᠪ ᠤᠨ ᠰᠤᠷᠭᠠᠨ ᠬᠦᠮᠤᠵᠢᠬᠦᠯᠬᠦ ᠪᠤᠯᠪᠠᠰᠤᠷᠠᠯ ᠤᠨ ᠶᠡᠷᠤᠩᠭᠡᠢ ᠠᠰᠠᠷ᠂ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠶᠢᠨ ᠰᠢᠨ᠎ᠡ ᠪᠠᠢᠴᠨ᠂ ᠪᠠᠶᠠᠷᠳᠤᠬᠤᠰᠢᠭᠤ ᠪᠠᠯᠭᠠᠰᠤᠨ ᠤ ᠦᠨᠳᠤᠷᠬᠠᠳᠠ ᠭᠠᠴᠠᠭᠠᠨ ᠤ ᠮᠢᠬᠠᠨ ᠦᠭᠡᠷ ᠤᠨ ᠲᠠᠵᠢᠭᠡᠨ ᠦᠷᠡᠵᠢᠬᠦᠯᠬᠦ ᠰᠠᠭᠤᠷᠢᠨ ᠭᠠᠵᠠᠷ᠂ ᠬᠤᠪᠤᠯᠳᠤ ᠭᠠᠴᠠᠭᠠᠨ ᠤ ᠵᠠᠮ ᠤᠨ ᠪᠦᠳᠤᠭᠡᠨ ᠪᠠᠢᠭᠤᠯᠤᠯᠳᠠ ᠶᠢᠨ ᠲᠦᠷᠤᠯ ᠵᠤᠢᠯ᠂ ᠲᠦᠪᠰᠢᠨ ᠭᠠᠴᠠᠭ᠎ᠠ ᠶᠢᠨ ᠠᠮᠢ ᠠᠬᠤᠢ ᠵᠢᠭᠤᠯᠴᠢᠯᠠᠯ ᠤᠨ ᠤᠢᠯᠡᠰ ᠤᠨ ᠲᠦᠷᠤᠯ ᠵᠤᠢᠯ ᠵᠡᠷᠭᠡ ᠪᠤᠳᠠᠳᠠᠢ ᠭᠠᠵᠠᠷ ᠲᠤ ᠬᠦᠷᠴᠤ ᠲᠤᠷᠰᠢᠯᠭ᠎ᠠ ᠰᠤᠷᠤᠯᠴᠠᠭᠰᠨᠨ ᠪᠠᠢᠨ᠎ᠡ᠃


ᠪᠤᠳᠠᠳᠠᠢ ᠭᠠᠵᠠᠷ ᠤᠨ ᠲᠤᠷᠰᠢᠯᠭ᠎ᠠ ᠰᠤᠷᠤᠯᠴᠠᠯᠭ᠎ᠠ ᠲᠠᠭᠤᠰᠤᠭᠰᠠᠨ ᠤ ᠲᠠᠷᠠᠭ᠎ᠠ ᠬᠤᠷᠠᠯ ᠬᠤᠷᠠᠯᠳᠤᠭᠤᠯᠪᠠ᠃ ᠯᠢᠶᠠᠩ ᡁᠢ ᠶᠤᠸᠠᠨ ᠵᠢᠭᠠᠭᠰᠨᠨ ᠨᠢ᠂ ᠤᠯᠤᠰ ᠲᠦᠷᠤ ᠶᠢᠨ ᠵᠤᠭᠰᠤᠴᠨ ᠪᠠᠨ ᠲᠠᠭᠡᠭᠰᠢᠯᠡᠬᠦᠯᠤᠨ᠂ ᠠᠵᠢᠯ ᠤᠨ ᠤᠯᠤᠰ ᠲᠦᠷᠤ ᠶᠢᠨ ᠬᠠᠷᠢᠭᠤᠴᠠᠯᠭᠠᠳᠤ ᠰᠡᠳᠬᠢᠯᠭᠡ ᠶᠢ ᠴᠢᠩᠭᠠᠳᠬᠠᠵᠤ ᠰᠠᠢᠳᠤᠷ ᠠᠳᠬᠤᠨ᠂ ᠠᠷᠠᠳ ᠲᠦᠮᠨᠨ ᠶᠢᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ ᠲᠠᠭᠡᠳᠤ ᠭᠡᠮᠵᠢᠶ᠎ᠠ ᠪᠡᠷ ᠲᠤᠭᠤᠰᠢᠯᠠᠭᠤᠯᠵᠤ᠂ ᠦᠨᠳᠤᠰᠤᠨ ᠱᠠᠳᠤᠨ ᠤ ᠠᠷᠠᠳᠴᠢᠯᠠᠯᠳᠤ ᠤᠯᠤᠰ ᠲᠦᠷᠤ ᠶᠢᠨ ᠪᠦᠳᠤᠭᠡᠨ ᠪᠠᠢᠭᠤᠯᠤᠯᠳᠠ ᠶᠢ ᠲᠠᠭᠡᠳᠤ ᠭᠡᠮᠵᠢᠶ᠎ᠠ ᠪᠡᠷ ᠬᠦᠨᠵᠡᠭᠡᠢᠷᠡᠬᠦᠯᠤᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠪᠤᠯᠤᠨ ᠠᠷᠠᠳ ᠤᠨ ᠲᠦᠯᠤᠭᠡᠯᠡᠭᠴᠢᠳ ᠤᠨ ᠡᠷᠭᠡ ᠲᠤᠰᠢᠶᠠᠯ ᠤᠨ ᠤᠢᠯᠡᠳᠤᠯ ᠢ ᠲᠠᠭᠡᠳᠤ ᠭᠡᠮᠵᠢᠶ᠎ᠠ ᠪᠡᠷ ᠪᠠᠳᠠᠷᠠᠭᠤᠯᠬᠤ ᠲᠠᠨᠢᠯᠳᠠ ᠶᠢ ᠬᠦᠨᠵᠡᠭᠡᠢᠷᠡᠬᠦᠯᠵᠤ᠂《ᠪᠢᠯᠸᠲ ᠦᠭᠴᠤ ᠪᠠᠳᠤᠯᠠᠬᠤ》ᠲᠤᠷᠰᠢᠯᠳᠠ ᠶᠢᠨ ᠴᠡᠭ ᠤᠨ ᠠᠵᠢᠯ ᠢ ᠵᠤᠬᠢᠶᠠᠨ ᠪᠠᠢᠭᠤᠯᠵᠤ ᠭᠡᠷᠡᠭᠵᠢᠬᠦᠯᠬᠦ ᠶᠢ ᠰᠠᠢᠳᠤᠷ ᠠᠳᠬᠤᠨ᠂《ᠪᠢᠯᠸᠲ ᠦᠭᠴᠤ ᠪᠠᠳᠤᠯᠠᠬᠤ》 ᠠᠵᠢᠯ ᠤᠨ ᠲᠠᠰᠤᠷᠠᠯᠳᠠ ᠦᠭᠡᠢ ᠲᠠᠬᠦᠯᠳᠡᠷᠵᠢᠨ ᠬᠦᠭᠵᠢᠬᠦ ᠶᠢ ᠲᠦᠯᠬᠢᠨ ᠠᠬᠢᠭᠤᠯᠵᠤ᠂《ᠪᠢᠯᠸᠲ ᠦᠭᠴᠤ ᠪᠠᠳᠤᠯᠠᠬᠤ》 ᠠᠵᠢᠯ ᠢ ᠪᠦᠬᠦ ᠲᠠᠯ᠎ᠠ ᠪᠡᠷ ᠲᠦᠯᠬᠢᠨ ᠠᠬᠢᠭᠤᠯᠬᠤ ᠭᠡᠷᠡᠭᠳᠡᠢ ᠭᠡᠵᠡᠢ᠃

ᠯᠢᠶᠠᠩ ᡁᠢ ᠶᠤᠸᠠᠨ ᠱᠠᠭᠠᠷᠳᠠᠭᠰᠨᠨ ᠨᠢ᠂ᠲᠦᠯᠬᠢᠨ ᠠᠬᠢᠭᠤᠯᠬᠤ ᠬᠦᠴᠤᠯᠡᠴᠨ ᠪᠠᠨ ᠨᠡᠮᠡᠭᠳᠡᠬᠦᠯᠵᠤ᠂《ᠪᠢᠯᠸᠲ ᠦᠭᠴᠤ ᠪᠠᠳᠤᠯᠠᠬᠤ》 ᠠᠵᠢᠯ ᠪᠤᠳᠠᠳᠤ ᠠᠮᠵᠢᠯᠳᠠ ᠤᠯᠬᠤ ᠶᠢ ᠪᠠᠳᠤᠯᠠᠠ᠂ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠲᠦᠯᠤᠭᠡᠯᠡᠭᠴᠢᠳ《ᠪᠢᠯᠸᠲ ᠦᠭᠴᠤ ᠪᠠᠳᠤᠯᠠᠬᠤ》 ᠠᠵᠢᠯ᠂ ᠠᠷᠠᠳ ᠤᠨ ᠰᠡᠳᠬᠢᠯ ᠢ ᠲᠦᠪᠯᠡᠷᠡᠬᠦᠯᠤᠨ᠂ ᠠᠷᠠᠳ ᠤᠨ ᠰᠠᠨᠠᠭ᠎ᠠ ᠳᠤ ᠨᠡᠢᠴᠡᠬᠦᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ ᠪᠤᠯ ᠨᠢᠭᠡᠨ ᠴᠢᠬᠤᠯᠨ ᠶᠡᠭᠡ ᠠᠷᠠᠳ ᠤᠨ ᠠᠮᠢᠳᠤᠷᠠᠯ ᠤᠨ ᠢᠨᠵᠸᠨ᠋ᠸᠷᠢᠩ ᠪᠤᠯᠤᠨ᠎ᠡ᠃ ᠡᠯ᠎ᠠ ᠬᠤᠰᠢᠭᠤ ᠰᠢᠶᠠᠨ ᠬᠤᠳᠠ ᠲᠤᠭᠤᠷᠢᠭ᠂ ᠰᠤᠮᠤ ᠪᠠᠯᠭᠠᠰᠤ ᠪᠤᠯᠤᠨ ᠵᠡᠭᠡᠯᠢ ᠭᠤᠳᠤᠮᠵᠢ ᠲᠠᠷᠤᠢ ᠳᠤᠨᠢ ᠠᠷᠭ᠎ᠠ ᠰᠦᠪᠡᠭᠴᠢᠯᠡᠨ ᠪᠠᠢᠷᠢᠯᠠᠭᠤᠯᠵᠤ᠂ᠪᠠᠳᠤᠯᠠᠭ᠎ᠠ ᠶᠢᠨ ᠠᠷᠭ᠎ᠠ ᠭᠡᠮᠵᠢᠶ᠎ᠠ ᠪᠠᠨ ᠪᠡᠬᠢᠵᠢᠬᠦᠯᠤᠨ᠂ ᠲᠦᠯᠬᠢᠴᠨ ᠶᠢᠨ ᠬᠦᠴᠤᠯᠡᠴᠨ ᠪᠠᠨ ᠨᠡᠮᠡᠭᠳᠡᠬᠦᠯᠵᠤ᠂《ᠪᠢᠯᠸᠲ ᠦᠭᠴᠤ ᠪᠠᠳᠤᠯᠠᠬᠤ》 ᠴᠢᠬᠤᠯᠨ ᠶᠡᠭᠡ ᠠᠷᠠᠳ ᠤᠨ ᠠᠮᠢᠳᠤᠷᠠᠯ ᠤᠨ ᠢᠨᠵᠸᠨ᠋ᠸᠷᠢᠩ ᠢ ᠴᠢᠩᠭ᠎ᠠ ᠪᠤᠳᠠᠳᠠᠢ ᠰᠠᠢᠳᠤᠷ ᠠᠳᠬᠤᠬᠤ ᠭᠡᠷᠡᠭᠳᠡᠢ ᠭᠡᠵᠡᠢ᠃

ᠯᠢᠶᠠᠩ ᡁᠢ ᠶᠤᠸᠠᠨ ᠱᠠᠭᠠᠷᠳᠠᠭᠰᠨᠨ ᠨᠢ᠂ ᠬᠤᠳᠠ ᠬᠤᠰᠢᠭᠤ ᠬᠤᠶᠠᠷ ᠱᠠᠳᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠪᠢᠯᠸᠲ ᠦᠭᠴᠤ ᠪᠠᠳᠤᠯᠠᠬᠤ》 ᠠᠵᠢᠯ ᠤᠨ ᠵᠢᠯᠤᠭᠤᠳᠤᠯᠭ᠎ᠠ ᠪᠠ ᠬᠢᠨᠠᠯᠳᠠ ᠪᠠᠨ ᠴᠢᠩᠭᠠᠳᠬᠠᠵᠤ᠂ ᠬᠤᠪᠢᠶᠠᠨ ᠬᠠᠮᠢᠶᠠᠷᠴᠤ ᠪᠠᠢᠭ᠎ᠠ ᠲᠠᠳ᠋ ᠡᠷᠬᠢᠯᠡᠭᠴᠢ ᠲᠠᠭᠠᠭᠤᠯᠤᠨ᠂ ᠲᠦᠯᠤᠭᠡᠯᠡᠭᠴᠢ ᠶᠢᠨ ᠠᠵᠢᠯ ᠤᠨ ᠰᠠᠯᠠᠭ᠎ᠠ ᠮᠦᠴᠢᠷ ᠪᠤᠳᠠᠳᠠᠢ ᠬᠠᠷᠢᠭᠤᠴᠠᠵᠤ᠂ ᠴᠢᠬᠤᠯᠨ ᠲᠠᠢ ᠦᠶ᠎ᠠ ᠳᠤ ᠪᠠᠢᠩᠭᠤ ᠶᠢᠨ ᠬᠤᠷᠢᠶ᠎ᠠ ᠲᠤᠰᠬᠠᠢᠯᠠᠨ ᠰᠢᠢᠳᠪᠤᠷᠢ ᠲᠤᠭᠳᠠᠭᠠᠯ ᠭᠠᠷᠭᠠᠨ ᠲᠦᠯᠬᠢᠨ ᠠᠬᠢᠭᠤᠯᠵᠤ ᠨᠠᠢᠳᠠᠪᠤᠷᠢᠵᠢᠭᠤᠯᠬᠤ ᠭᠡᠷᠡᠭᠳᠡᠢ ᠭᠡᠵᠡᠢ᠃

ᠪᠠᠶᠠᠨᠰᠠᠩ ᠬᠤᠷᠠᠯ ᠲᠠᠭᠡᠷ᠎ᠠ᠂《ᠠᠷᠠᠳᠴᠢᠯᠠᠯ ᠢ ᠬᠦᠢᠴᠡᠳ ᠪᠠᠳᠠᠷᠠᠭᠤᠯᠵᠤ᠂ ᠬᠠᠤᠯᠢ ᠶᠤᠰᠤᠭᠠᠷ ᠭᠡᠷᠡᠭ ᠰᠢᠢᠳᠪᠤᠷᠢᠯᠡᠬᠦ ᠶᠢ ᠪᠠᠷᠢᠮᠳᠠᠯᠠᠨ᠂ ᠵᠠᠷᠤᠤᠨ ᠬᠤᠰᠢᠭᠤ ᠠᠷᠠᠳ ᠤᠨ ᠠᠮᠢᠳᠤᠷᠠᠯ ᠤᠨ ᠪᠤᠳᠠᠳᠤ ᠲᠦᠷᠤᠯ ᠵᠤᠢᠯ ᠢ ᠠᠷᠠᠳ ᠤᠨ ᠲᠦᠯᠤᠭᠡᠯᠡᠭᠴᠢ ᠪᠢᠯᠸᠲ ᠦᠭᠴᠤ ᠪᠠᠳᠤᠯᠠᠬᠤ ᠲᠦᠷᠢᠮ ᠢ ᠲᠦᠯᠬᠢᠨ ᠠᠬᠢᠭᠤᠯᠵᠤ ᠪᠤᠳᠠᠳᠤ ᠠᠰᠢᠭ ᠬᠦᠷᠳᠡᠭᠰᠨᠨ》ᠭᠡᠬᠦ ᠭᠤᠤᠯ ᠰᠡᠳᠤᠪᠳᠤ ᠨᠡᠢᠳᠡᠯᠢᠭ᠌ ᠵᠢᠱᠢᠶᠡᠴᠢ ᠶᠠᠷᠢᠶ᠎ᠠ ᠬᠢᠪᠡ᠃


ᠪᠠᠶᠠᠷᠳᠤᠬᠤᠰᠢᠭᠤ ᠪᠠᠯᠭᠠᠰᠤ᠂ ᠪᠠᠶᠠᠨᠳᠠᠯ᠎ᠠ ᠰᠤᠮᠤ ᠶᠢᠨ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢ ᠲᠤᠰᠪᠤᠷᠢ ᠨᠡᠢᠳᠡᠯᠢᠭ᠌ ᠵᠢᠱᠢᠶᠡᠴᠢ ᠶᠠᠷᠢᠶ᠎ᠠ ᠬᠢᠭᠰᠡᠨ ᠪᠠᠢᠨ᠎ᠡ᠃

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠠᠷᠢᠬᠦᠨ ᠤ ᠵᠢᠱᠢᠶᠡᠴᠢ ᠤᠢᠯᠨ ᠠᠵᠢᠯᠯᠠᠭ᠎ᠠ ᠶᠢ ᠤᠬᠠᠭᠤᠯᠤᠨ ᠲᠠᠢᠯᠪᠤᠷᠢᠯᠡᠬᠤ ᠮᠡᠳᠡᠬᠦᠯᠤᠯᠳᠠ ᠶᠢᠨ ᠬᠤᠷᠠᠯ ᠵᠢᠴᠢ ᠠᠷᠪᠠ ᠶᠢᠰᠤᠳᠤᠭᠡᠷ ᠬᠤᠭᠤᠴᠠᠭᠠᠨ ᠤ ᠲᠦᠷᠪᠡᠳᠤᠭᠡᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠤᠪᠳᠤ ᠬᠤᠷᠠᠯ ᠬᠤᠷᠠᠯᠳᠤᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《12.4》᠋ ᠤ ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠵᠤᠬᠢᠶᠠᠨ ᠪᠠᠢᠭᠤᠯᠵᠤ ᠦᠷᠨᠢᠬᠦᠯᠦᠭᠰᠨᠨ ᠨᠢ