ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ《12.4》᠋ ᠤ ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠵᠤᠬᠢᠶᠠᠨ ᠪᠠᠢᠭᠤᠯᠵᠤ ᠦᠷᠨᠢᠬᠦᠯᠦᠭᠰᠨᠨ ᠨᠢ
ᠦᠨᠤ ᠵᠢᠯ ᠤᠨ 12ᠰᠠᠷ᠎ᠠ ᠶᠢᠨ4᠋ ᠤ ᠡᠳᠤᠷ ᠪᠤᠯ ᠵᠢᠷᠭᠤᠳᠤᠭᠠᠷ ᠤᠯᠤᠰ ᠤᠨ ᠦᠨᠳᠤᠰᠤᠨ ᠬᠠᠤᠯᠢ ᠶᠢᠨ ᠡᠳᠤᠷ ᠪᠤᠯᠤᠨ᠎ᠠ᠃ ᠨᠠᠮ ᠤᠨ ᠠᠷᠪᠠ ᠶᠢᠰᠤᠳᠤᠭᠡᠷ ᠤᠳᠠᠭᠠᠨ ᠤ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯᠳᠤᠭᠠᠨ᠂ ᠭᠤᠷᠪᠠᠳᠤᠭᠠᠷ ᠪᠦᠬᠦᠳᠠ ᠬᠤᠷᠠᠯᠳᠤᠭᠠᠨ᠂ ᠲᠦᠷᠪᠡᠳᠤᠭᠡᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠺᠠᠳ᠋ᠷ ᠠᠵᠢᠯᠳᠠᠨ ᠦᠨᠳᠤᠰᠤᠨ ᠬᠠᠤᠯᠢ ᠶᠢ ᠬᠦᠨᠵᠡᠭᠡᠢ ᠰᠤᠷᠤᠯᠴᠠᠵᠤ ᠤᠬᠠᠭᠤᠯᠤᠨ᠂ ᠦᠨᠳᠤᠰᠤᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠵᠤ᠂ ᠦᠨᠳᠤᠰᠤᠨ ᠬᠠᠤᠯᠢ ᠶᠢᠨ ᠡᠷᠭᠡ ᠰᠦᠷ ᠢ ᠬᠠᠮᠠᠭᠠᠯᠠᠬᠤ ᠶᠢᠨ ᠲᠦᠯᠤᠭᠡ᠂ ᠲᠠᠭᠡᠷ᠎ᠠ ᠱᠠᠳᠤᠨ ᠤ ᠬᠠᠤᠯᠢ ᠲᠦᠭᠡᠮᠡᠯᠵᠢᠬᠦᠯᠬᠦ ᠠᠵᠢᠯ ᠤᠨ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ《ᠦᠨᠳᠤᠰᠤᠨ ᠬᠠᠤᠯᠢ ᠶᠢ ᠬᠦᠨᠳᠤᠳᠭᠡᠵᠤ᠂ ᠦᠨᠳᠤᠰᠤᠨ ᠬᠠᠤᠯᠢ ᠶᠢ ᠰᠤᠷᠤᠯᠴᠠᠨ᠂ ᠦᠨᠳᠤᠰᠤᠨ ᠬᠠᠤᠯᠢ ᠶᠢ ᠵᠢᠷᠤᠮᠯᠠᠵᠤ᠂ ᠦᠨᠳᠤᠰᠤᠨ ᠬᠠᠤᠯᠢ ᠶᠢ ᠬᠠᠮᠠᠭᠠᠯᠠᠨ᠂ ᠦᠨᠳᠤᠰᠤᠨ ᠬᠠᠤᠯᠢ ᠶᠢ ᠭᠡᠷᠡᠭᠵᠢᠬᠦᠯᠬᠦ》᠋ ᠪᠡᠷ ᠭᠤᠤᠯ ᠰᠡᠳᠤᠪ ᠪᠤᠯᠭᠠᠨ᠂《12.4》᠋᠋ ᠤ ᠦᠨᠳᠤᠰᠤᠨ ᠬᠠᠤᠯᠢ ᠶᠢᠨ ᠤᠠᠬᠭᠤᠯᠭ᠎ᠠ ᠶᠢᠨ ᠭᠠᠷᠠᠭ ᠤᠨ ᠰᠢᠷᠢᠰ ᠠᠵᠢᠯᠯᠠᠭ᠎ᠠ ᠶᠢ ᠵᠤᠬᠢᠶᠠᠨ ᠪᠠᠢᠭᠤᠯᠵᠤ ᠦᠷᠨᠢᠬᠦᠯᠦᠭᠰᠨᠨ ᠪᠠᠢᠨ᠎ᠡ᠃




12ᠰᠠᠷ᠎ᠠ ᠶᠢᠨ3᠋ ᠤ ᠡᠳᠤᠷ᠂ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠺᠠᠳ᠋ᠷᠴᠤᠤᠨ ᠤᠨ ᠶᠡᠭᠡ ᠬᠤᠷᠠᠯ ᠬᠤᠷᠠᠯᠳᠤᠭᠤᠯᠤᠨ᠂ ᠤᠷᠢᠳ ᠬᠤᠵᠢᠳ《ᠦᠨᠳᠤᠰᠤᠨ ᠬᠠᠤᠯᠢ》᠋ ᠶᠢᠨ ᠲᠤᠰᠬᠠᠢ ᠰᠡᠳᠤᠪᠳᠤ ᠪᠤᠯᠪᠠᠰᠤᠷᠠᠯ ᠤᠨ ᠠᠩᠬᠢ ᠡᠷᠬᠢᠯᠡᠨ᠂ ᠦᠨᠳᠤᠰᠤᠨ ᠬᠠᠤᠯᠢ ᠳᠤ ᠲᠠᠩᠭᠠᠷᠢᠭᠯᠠᠬᠤ ᠶᠤᠰᠤᠯᠠᠯ ᠶᠠᠪᠤᠭᠤᠯᠵᠤ᠂《ᠠᠮᠤᠷ ᠲᠦᠪᠰᠢᠨ ᠤ ᠠᠶᠠᠯᠠᠯ2019》ᠭᠡᠬᠦ ᠲᠤᠰᠬᠠᠢ ᠰᠡᠳᠤᠪᠳᠤ ᠫᠷᠦᠭᠷᠠᠮ ᠦᠵᠡᠭᠰᠡᠡ ᠵᠡᠷᠭᠡ ᠬᠦᠳᠡᠯᠭᠡᠭᠡᠨ ᠶᠢᠠᠷ ᠲᠠᠮᠵᠢᠵᠤ᠂ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠷᠪᠡᠳᠤᠭᠡᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠪᠠ ᠰᠢ ᠵᠢᠨ ᠫᠢᠩ ᠶᠡᠷᠤᠩᠭᠡᠢ ᠱᠦᠵᠢ ᠶᠢᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠡᠷ ᠬᠦᠨᠵᠡᠭᠡᠢ ᠲᠤᠭᠤᠰᠢᠯᠠᠭᠤᠯᠤᠨ᠂ ᠦᠨᠳᠤᠰᠤᠨ ᠬᠠᠤᠯᠢ ᠶᠢᠨ ᠮᠡᠳᠡᠯᠭᠡ ᠶᠢ ᠲᠦᠭᠡᠮᠡᠯᠵᠢᠬᠦᠯᠵᠤ᠂ ᠦᠨᠳᠤᠰᠤᠨ ᠬᠠᠤᠯᠢ ᠶᠢᠨ ᠦᠵᠡᠯ ᠤᠬᠠᠮᠰᠠᠷ᠂ ᠤᠯᠤᠰ ᠶᠢᠠᠨ ᠬᠠᠢᠷᠠᠯᠠᠬᠤ ᠦᠵᠡᠯ ᠤᠬᠠᠮᠰᠠᠷ ᠪᠠ ᠠᠷᠠᠳᠴᠢᠯᠠᠯᠳᠤ ᠬᠠᠤᠯᠢ ᠪᠡᠷ ᠵᠠᠰᠠᠬᠤ ᠦᠵᠡᠯ ᠤᠬᠠᠮᠰᠠᠷ ᠢ ᠴᠢᠩᠭᠠᠳᠬᠠᠨ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠺᠠᠳ᠋ᠷ ᠠᠵᠢᠯᠳᠠᠨ ᠢ ᠦᠨᠳᠤᠰᠤᠨ ᠬᠠᠤᠯᠢ ᠶᠢᠨ ᠦᠨᠡᠨᠴᠢ ᠡᠷᠬᠢᠮᠯᠡᠭᠴᠢ᠂ ᠤᠬᠠᠮᠰᠠᠷ ᠡᠴᠨ ᠪᠠᠨ ᠵᠢᠷᠤᠮᠯᠠᠭᠴᠢ᠂ ᠡᠷᠡᠰ ᠬᠠᠮᠠᠭᠠᠯᠠᠭᠴᠢ ᠪᠤᠯᠭᠠᠵᠤ᠂ᠦᠨᠳᠤᠰᠤᠨ ᠬᠠᠤᠯᠢ ᠶᠢᠨ ᠢᠳᠡᠭᠡᠯ ᠪᠢᠰᠢᠷᠡᠯ ᠂ ᠦᠨᠳᠤᠰᠤᠨ ᠬᠠᠤᠯᠢ ᠶᠢ ᠰᠠᠬᠢᠬᠤ᠂ ᠦᠨᠳᠤᠰᠤᠨ ᠬᠠᠤᠯᠢ ᠶᠢᠨ ᠡᠷᠭᠡ ᠰᠦᠷ ᠢ ᠬᠠᠮᠠᠭᠠᠯᠠᠬᠤ ᠤᠷᠴᠢᠨ ᠠᠬᠤᠢ ᠶᠢ ᠪᠦᠷᠢᠯᠳᠤᠬᠦᠯᠤᠨ᠂ ᠪᠦᠬᠦ ᠨᠡᠢᠭᠡᠮ ᠤᠨ ᠬᠠᠤᠯᠢ ᠵᠢᠷᠤᠮᠯᠠᠬᠤ᠂ ᠬᠠᠤᠯᠢ ᠡᠷᠬᠢᠮᠯᠡᠬᠦ᠂ ᠬᠠᠤᠯᠢ ᠮᠡᠳᠡᠬᠦ᠂ ᠬᠠᠤᠯᠢ ᠰᠠᠬᠢᠬᠤ᠂ ᠬᠠᠤᠯᠢ ᠰᠤᠷᠤᠯᠴᠠᠬᠤ᠂ ᠬᠠᠤᠯᠢ ᠭᠡᠷᠡᠭᠵᠢᠬᠦᠯᠬᠦ ᠶᠢ ᠲᠦᠯᠬᠢᠨ ᠠᠬᠢᠭᠤᠯᠤᠭᠰᠨᠨ ᠪᠠᠢᠨ᠎ᠡ᠃

ᠬᠠᠮᠳᠤ ᠳᠤᠨᠢ᠂ ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠲᠠᠢ ᠤᠶᠠᠯᠳᠤᠭᠤᠯᠬᠤ ᠶᠢᠨ ᠲᠤᠭᠤᠷᠢᠨ ᠳᠤ᠂ ᠰᠢ ᠵᠢᠨ ᠫᠢᠩ ᠤᠨ ᠰᠢᠨ᠎ᠡ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭᠠᠨ ᠤ ᠮᠡᠳᠡᠯᠭᠡ ᠪᠠ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠰᠢᠷᠢᠰ ᠠᠵᠢᠯᠯᠠᠭ᠎ᠠ ᠳᠤ ᠰᠤᠷᠢᠯᠳᠠ ᠶᠠᠪᠤᠭᠤᠯᠪᠠ᠂ᠮᠦᠨᠬᠦ ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠪᠢᠴᠢᠭᠡᠰᠤ ᠡᠯᠬᠦᠭᠰᠡᠡ ᠵᠢᠴᠢ ᠵᠠᠷᠤᠤᠨ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠰᠦᠯᠵᠢᠶ᠎ᠠ᠂ ᠸᠸᠴᠠᠲ ᠤᠯᠠᠨ ᠨᠡᠢᠳᠠ ᠶᠢᠨ ᠲᠠᠪᠴᠠᠩ ᠵᠡᠷᠭᠡ ᠠᠷᠭ᠎ᠠ ᠵᠠᠮ ᠢ ᠠᠰᠢᠭᠯᠠᠬᠤ ᠪᠡᠷ ᠲᠠᠮᠵᠢᠨ᠂ ᠦᠨᠳᠤᠰᠤᠨ ᠬᠠᠤᠯᠢ ᠶᠢ ᠰᠤᠷᠤᠯᠴᠠᠵᠤ ᠤᠬᠠᠭᠤᠯᠬᠤ ᠬᠦᠴᠤᠯᠡᠴᠨ ᠪᠠᠨ ᠤᠯᠠᠮ ᠨᠢᠭᠡ ᠠᠯᠬᠤᠮ ᠨᠡᠮᠡᠭᠳᠡᠬᠦᠯᠵᠤ᠂ ᠦᠨᠳᠤᠰᠤᠨ ᠬᠠᠤᠯᠢ ᠶᠢ ᠰᠤᠷᠤᠯᠴᠠᠨ ᠤᠬᠠᠭᠤᠯᠬᠤ ᠰᠢᠨ᠎ᠡ ᠦᠷᠨᠢᠯᠳᠠ ᠭᠠᠷᠭᠠᠨ᠂ ᠬᠠᠤᠯᠢ ᠪᠡᠷ ᠬᠤᠰᠢᠭᠤ ᠪᠠᠨ ᠵᠠᠰᠠᠬᠤ ᠪᠦᠳᠤᠭᠡᠨ ᠪᠠᠢᠭᠤᠯᠤᠯᠳᠠ ᠶᠢ ᠪᠦᠬᠦ ᠲᠠᠯ᠎ᠠ ᠪᠡᠷ ᠲᠦᠯᠬᠢᠨ ᠠᠬᠢᠭᠤᠯᠤᠭᠰᠨᠨ ᠪᠠᠢᠨ᠎ᠡ᠃