ᠤᠳᠤ ᠶᠢᠨ ᠪᠠᠢ᠌ᠷᠢ᠄ ᠨᠠᠮ ᠤᠨ ᠪᠦᠳᠤᠭᠡᠨ ᠪᠠᠢ᠌ᠭᠤᠯᠤᠯᠳᠠ ᠶᠢᠨ ᠠᠵᠢᠯ → ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ᠁
ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠭᠰᠨᠨ ᠨᠢ


12 ᠰᠠᠷ᠎ᠠ ᠶᠢᠨ 6᠋ ᠤ ᠡᠳᠤᠷ ᠤᠨ ᠦᠳᠠ ᠶᠢᠨ ᠬᠤᠢᠨ᠎ᠡ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠂ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠱᠦᠵᠢ ᠯᠢ ᠴᠸᠩ ᠬᠦᠸᠸ ᠬᠤᠷᠠᠯ ᠡᠷᠬᠢᠯᠡᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠤᠨ ᠭᠡᠰᠢᠬᠦᠨ᠂ ᠪᠠᠢᠭᠤᠯᠭ᠎ᠠ ᠶᠢᠨ ᠰᠠᠯᠠᠭᠠᠨ ᠲᠠᠰ ᠡᠴᠨ ᠲᠠᠭᠡᠭᠰᠢᠬᠢ ᠺᠠᠳ᠋ᠷ ᠬᠤᠷᠠᠯ ᠳᠤ ᠤᠷᠤᠯᠴᠠᠭᠰᠠᠠ ᠪᠠ ᠬᠤᠰᠢᠭᠤᠨ ᠤ ᠨᠠᠮ ᠤᠨ ᠬᠤᠷᠢᠶ᠎ᠠ ᠶᠢᠨ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠨᠠᠢ᠍ᠮᠠᠳᠤᠭᠠᠷ ᠲᠤᠭᠤᠷᠢᠨ ᠵᠢᠯᠤᠭᠤᠳᠬᠤ ᠲᠤᠭᠤᠢᠯᠠᠩ ᠤᠨ ᠲᠠᠷᠤᠭ᠎ᠠ ᠸᠠᠩ ᠢᠤᠢ ᠬᠦᠢ᠂ ᠭᠡᠰᠢᠬᠦᠨ ᠯᠢ ᠰᠢᠶᠤᠤ ᠬᠤᠸᠨ ᠬᠤᠷᠠᠯ ᠳᠤ ᠤᠷᠤᠯᠴᠠᠨ ᠵᠢᠯᠤᠭᠤᠳᠤᠯᠭ᠎ᠠ ᠬᠢᠪᠡ᠃



ᠬᠤᠷᠠᠯ ᠲᠠᠭᠡᠷ᠎ᠠ᠂ ᠯᠢ ᠴᠸᠩ ᠬᠦᠸᠸ ᠪᠠᠢᠭᠤᠯᠭ᠎ᠠ ᠶᠢᠨ ᠤᠳᠤᠷᠢᠳᠬᠤ ᠪᠠᠭ ᠢ ᠲᠦᠯᠤᠭᠡᠯᠡᠨ ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠡᠴᠨ ᠡᠮᠤᠨᠡᠬᠢ ᠰᠠᠨᠠᠯ ᠬᠤᠷᠢᠶᠠᠬᠰᠠᠨ ᠪᠠᠢᠳᠠᠯ ᠂2018 ᠤᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ  ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠠᠪᠤᠳᠤᠭᠠᠷ ᠲᠤᠭᠤᠷᠢᠨ ᠪᠠᠢᠴᠠᠭᠠᠬᠤ ᠲᠤᠭᠤᠢᠯᠠᠩ ᠤᠨ ᠪᠠᠢᠴᠠᠭᠠᠨ ᠬᠠᠷᠢᠭᠤ ᠲᠤᠰᠬᠠᠭᠰᠠᠨ ᠰᠠᠨᠠᠯ ᠤᠨ ᠲᠤᠰᠬᠠᠢ ᠰᠡᠳᠤᠪᠳᠤ ᠠᠮᠢᠳᠤᠷᠠᠯ ᠤᠨ ᠬᠤᠷᠠᠯ ᠤᠨ ᠠᠰᠠᠭᠤᠳᠠᠯ ᠶᠢᠠᠨ ᠴᠡᠭᠴᠡᠯᠡᠨ ᠦᠭᠡᠷᠡᠴᠢᠯᠡᠵᠤ ᠨᠠᠢᠳᠠᠪᠤᠷᠢᠵᠢᠭᠤᠯᠤᠭᠰᠠᠨ ᠪᠠᠢᠳᠠᠯ ᠳᠤ ᠮᠡᠳᠡᠬᠦᠯᠤᠯᠳᠠ ᠬᠢᠬᠦ ᠶᠢᠨ ᠬᠠᠮᠳᠤ᠂ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠤᠳᠤᠷᠢᠳᠬᠤ ᠲᠤᠭᠤᠢᠯᠠᠩ ᠢ ᠲᠦᠯᠤᠭᠡᠯᠡᠨ ᠠᠰᠠᠭᠤᠳᠠᠯ ᠳᠤ ᠪᠠᠢᠴᠠᠭᠠᠨ ᠵᠠᠳᠠᠯᠤᠯᠳᠠ ᠬᠢᠪᠡ᠃


ᠬᠤᠷᠠᠯ ᠳᠤ ᠤᠷᠤᠯᠴᠠᠭᠰᠠᠳ ᠤᠨ ᠶᠠᠷᠢᠶ᠎ᠠ ᠢᠯᠡᠳᠭᠡᠯ ᠢ ᠰᠤᠨᠤᠰᠤᠭᠰᠠᠨ ᠤ ᠲᠠᠷᠠᠭ᠎ᠠ ᠸᠠᠩ ᠢᠤᠢ ᠬᠦᠢ ᠵᠢᠭᠠᠵᠤ ᠭᠠᠷᠭᠠᠭᠰᠨᠨ ᠨᠢ᠂ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ  ᠡᠴᠨ ᠡᠮᠤᠨᠡᠬᠢ ᠰᠤᠷᠤᠯᠴᠠᠯᠭ᠎ᠠ᠂ ᠶᠠᠷᠢᠯᠴᠠᠭ᠎ᠠ᠂ ᠰᠠᠨᠠᠯ ᠬᠤᠷᠢᠶᠠᠬᠤ ᠠᠵᠢᠯ ᠢ ᠨᠠᠷᠢᠯᠢᠭ ᠬᠦᠢᠴᠡᠳ ᠬᠢᠵᠤ᠂ ᠬᠤᠷᠠᠯ ᠲᠤᠮᠳᠠ ᠠᠰᠠᠭᠤᠳᠠᠯ ᠶᠢᠠᠨ ᠬᠦᠨᠵᠡᠭᠡᠢ ᠡᠷᠢᠨ᠂ ᠰᠢᠯᠳᠠᠭᠠᠨ ᠵᠠᠳᠠᠯᠤᠯᠳᠠ ᠲᠤᠳᠤᠷᠬᠠᠢ᠂ ᠤᠷᠢᠳᠴᠢᠯᠠᠭᠰᠨᠨ ᠬᠠᠷᠠᠯᠳᠠ ᠳᠠᠭᠠᠨ ᠬᠦᠷᠦᠭᠰᠡᠨ ᠪᠠᠢᠨ᠎ᠡ ᠭᠡᠵᠡᠢ᠃

ᠯᠢ ᠴᠸᠩ ᠬᠦᠸᠸ ᠳ᠋ᠦ᠋ᠩᠨᠡᠯᠳᠠ ᠶᠢᠨ ᠶᠠᠷᠢᠶ᠎᠎ᠠ ᠬᠢᠵᠤ ᠱᠠᠭᠠᠷᠳᠠᠭᠰᠨᠨ ᠨᠢ᠂ ᠬᠤᠢᠰᠢᠳᠠ ᠶᠢᠨ ᠠᠵᠢᠯ ᠲᠤᠮᠳᠠ ᠰᠤᠷᠤᠯᠴᠠᠯᠭ᠎ᠠ ᠶᠢ ᠪᠠᠷᠢᠮᠳᠠᠯᠠᠵᠤ᠂ ᠤᠯᠤᠰ ᠲᠦᠷᠤ ᠶᠢᠨ ᠴᠢᠭᠯᠡᠯ ᠢ ᠪᠠᠬᠢᠵᠢᠬᠦᠯᠬᠦ ᠭᠡᠷᠡᠭᠳᠡᠢ᠃ ᠴᠡᠭᠴᠡᠯᠡᠨ ᠦᠭᠡᠷᠡᠴᠢᠯᠡᠬᠦ ᠶᠢ ᠪᠠᠷᠢᠮᠳᠠᠯᠠᠵᠤ᠂ᠭᠤᠤᠯ ᠰᠡᠳᠤᠪᠳᠤ ᠬᠦᠮᠤᠵᠢᠯ ᠤᠨ ᠪᠤᠳᠠᠳᠠᠢ ᠠᠮᠵᠢᠯᠳᠠ ᠤᠯᠬᠤ ᠶᠢ ᠪᠠᠳᠤᠯᠠᠬᠤ ᠭᠡᠷᠡᠭᠳᠡᠢ᠃ ᠦᠨᠡᠨᠴᠢ ᠪᠡᠷ ᠠᠵᠢᠯᠯᠠᠬᠤ ᠶᠢ ᠪᠠᠷᠢᠮᠳᠠᠯᠠᠵᠤ᠂ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ《ᠬᠤᠶᠠᠷ ᠪᠠᠢᠭᠤᠯᠭ᠎ᠠ》᠋ ᠶᠢᠨ ᠪᠦᠳᠤᠭᠡᠨ ᠪᠠᠢᠭᠤᠯᠤᠯᠳᠠ ᠶᠢ ᠦᠨᠡᠨᠬᠦ ᠲᠦᠯᠬᠢᠨ ᠠᠬᠢᠭᠤᠯᠬᠤ ᠭᠡᠷᠡᠭᠳᠡᠢ ᠭᠡᠵᠡᠢ᠃

 

 

ᠡᠮᠦᠨᠡᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠭᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠪᠠᠢᠭᠤᠯᠭ᠎ᠠ ᠶᠢᠨ ᠨᠠᠮ ᠤᠨ ᠡᠬᠦᠷ ᠡᠴᠨ ᠺᠠᠳ᠋ᠷ ᠠᠵᠢᠯᠳᠠᠨ ᠢ ᠵᠤᠬᠢᠶᠠᠨ ᠪᠠᠢᠭᠤᠯᠵᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠷᠪᠡᠳᠤᠭᠡᠷ ᠪᠦᠬᠦᠳᠠ ᠬᠤᠷᠠᠯᠳᠤᠭᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠭᠰᠨᠨ ᠨᠢ
ᠳᠠᠷᠠᠭᠠᠬᠢ᠄ ᠬᠤᠰᠢᠭᠤᠨ ᠤ ᠠᠷᠠᠳ ᠤᠨ ᠲᠦᠯᠤᠭᠡᠯᠡᠭᠴᠢᠳ ᠤᠨ ᠶᠡᠬᠡ ᠬᠤᠷᠠᠯ ᠤᠨ ᠪᠠᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠲᠤᠭᠤᠢᠯᠠᠩ《ᠤᠭ ᠰᠠᠨᠠᠭ᠎ᠠ ᠪᠠᠨ ᠦᠯᠤ ᠮᠠᠷᠳᠠᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ》ᠭᠤᠤᠯ ᠰᠡᠳᠤᠪᠳᠤ ᠬᠦᠮᠤᠵᠢᠯ ᠤᠨ ᠲᠤᠰᠬᠠᠢ ᠰᠡᠳᠤᠪᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠤᠭᠰᠨᠨ ᠨᠢ